ᠲᠣᠰᠣᠨᠴᠡᠩᠭᠡᠯ ᠰᠤᠮᠤ (ᠬᠥᠪᠰᠥᠭᠥᠯ)

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠮᠣᠩᠭᠣᠯ ᠮᠣᠩᠭᠣᠯ ᠤᠯᠤᠰ ᠤᠨ
Mn coa khuvsgul aymag.png ᠬᠥᠪᠰᠥᠭᠥᠯ ᠠᠶᠢᠮᠠᠭ ᠤᠨ
ᠲᠣᠰᠣᠨᠴᠡᠩᠭᠡᠯ ᠰᠤᠮᠤ
ᠤᠯᠠᠪᠢᠷ ᠰᠢᠷ᠎ᠠ ᠨᠢ ᠮᠥᠷᠡᠨ᠂ ᠶᠠᠭᠠᠨ ᠨᠢ ᠲᠣᠰᠣᠨᠴᠡᠩᠭᠡᠯ
2,050 ᠺᠦᠸᠠᠳ᠋ ᠺᠢᠯᠣᠮᠧᠲ᠋ᠷ ᠭᠠᠵᠠᠷ ᠨᠤᠲᠤᠭ ᠲᠠᠢ
5,921 ᠬᠦᠮᠦᠨ ᠣᠷᠣᠰᠢᠨ ᠰᠠᠭᠤᠳᠠᠭ
137,000 ᠲᠣᠯᠣᠭᠠᠢ ᠮᠠᠯ ᠲᠠᠢ
ᠳᠣᠲᠣᠷ᠎ᠠ ᠪᠠᠨ ᠮᠤᠬᠤᠷ ᠬᠥᠨᠳᠡᠢ᠂ ᠰᠡᠯᠡᠩᠭᠡ᠂ ᠲᠡᠭᠡᠯᠢ᠂ ᠰᠡᠭᠦᠯ ᠤᠯᠠᠭᠠᠨ᠂ ᠴᠡᠩᠭᠡᠯ ᠭᠡᠬᠦ ᠲᠠᠪᠤᠨ ᠪᠠᠭ ᠲᠠᠢ᠃
1931 ᠣᠨ ᠳᠤ ᠡᠭᠦᠰᠦᠨ ᠪᠠᠶᠢᠭᠤᠯᠤᠭᠳᠠᠭᠰᠠᠨ
ᠡᠷᠭᠢᠨ ᠲᠣᠭᠣᠷᠢᠨ ᠳᠤ ᠪᠠᠨ ᠠᠶᠢᠮᠠᠭ ᠤᠨ ᠢᠶᠠᠨ ᠲᠦᠨᠡᠯᠶᠡᠬᠡ-ᠠᠭᠤᠯᠠᠷᠠᠰᠢᠶᠠᠨ ᠳᠤᠲᠡᠮᠦᠷᠪᠤᠯᠠᠭᠪᠦᠷᠡᠩᠲᠣᠭᠲᠠᠬᠤ ᠭᠡᠳᠡᠭ ᠲᠠᠪᠤᠨ ᠰᠤᠮᠤ ᠲᠠᠢ ᠬᠠᠶᠠᠭ᠎ᠠ ᠵᠠᠯᠭᠠᠨ᠎ᠠ᠃

ᠲᠣᠰᠣᠨᠴᠡᠩᠭᠡᠯ ᠰᠤᠮᠤ ᠨᠢ ᠬᠥᠪᠰᠥᠭᠥᠯ ᠠᠶᠢᠮᠠᠭ ᠤᠨ ᠰᠤᠮᠤ ᠶᠤᠮ᠃ ᠨᠡᠶᠢᠲᠡ 2,050 ᠺᠦᠸᠠᠳ᠋ ᠺᠢᠯᠣᠮᠧᠲ᠋ᠷ ᠭᠠᠵᠠᠷ ᠨᠤᠲᠤᠭ ᠤᠨ 1,800 ᠺᠦᠸᠠᠳ᠋ ᠺᠢᠯᠣᠮᠧᠲ᠋ᠷ ᠨᠢ ᠪᠡᠯᠴᠢᠭᠡᠷ ᠪᠣᠯᠤᠨ᠎ᠠ᠃ 2000 ᠣᠨ ᠤ ᠪᠠᠶᠢᠳᠠᠯ ᠢᠶᠠᠷ ᠲᠣᠰᠣᠨᠴᠡᠩᠭᠡᠯ ᠰᠤᠮᠤᠨ ᠳᠤ 4,161 ᠬᠦᠮᠦᠨ ᠠᠮᠢᠳᠤᠷᠠᠵᠤ ᠪᠠᠶᠢᠪᠠ᠃ ᠰᠤᠮᠤ ᠶᠢᠨ ᠲᠥᠪ ᠴᠡᠩᠭᠡᠯ ᠨᠢ ᠠᠶᠢᠮᠠᠭ ᠤᠨ ᠲᠥᠪ ᠮᠥᠷᠡᠨ ᠶᠢ ᠡᠴᠡ ᠵᠡᠭᠦᠨ ᠡᠮᠦᠨ᠎ᠡ ᠵᠦᠭ ᠲᠤ 64 ᠺᠢᠯᠣᠮᠧᠲ᠋ᠷ᠂ ᠨᠡᠶᠢᠰᠯᠡᠯ ᠤᠯᠠᠭᠠᠨᠪᠠᠭᠠᠲᠤᠷᠠ ᠠᠴᠠ 607 ᠺᠢᠯᠣᠮᠧᠲ᠋ᠷ ᠠᠯᠤᠰᠯᠠᠭᠳᠠᠨ ᠣᠷᠣᠰᠢᠨ᠎ᠠ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

1931 ᠣᠨ ᠳᠤ ᠬᠥᠪᠰᠥᠭᠥᠯ ᠠᠶᠢᠮᠠᠭ ᠠᠩᠬ᠎ᠠ ᠪᠠᠶᠢᠭᠤᠯᠤᠭᠳᠠᠬᠤ ᠳᠤ ᠲᠣᠰᠣᠨᠴᠡᠩᠭᠡᠯ ᠰᠤᠮᠤ ᠪᠤᠢ ᠪᠣᠯᠵᠠᠢ᠃ 1933 ᠣᠨ ᠤ ᠪᠠᠶᠢᠳᠠᠯ ᠢᠶᠠᠷ 842 ᠡᠷᠦᠬᠡ ᠶᠢᠨ 3,100 ᠬᠦᠮᠦᠨ᠂ 99,000 ᠣᠷᠴᠢᠮ ᠲᠣᠯᠣᠭᠠᠢ ᠮᠠᠯ ᠲᠠᠢ ᠪᠠᠶᠢᠪᠠ᠃ 1956 ᠣᠨ ᠳᠤ 《ᠠᠷᠠᠳ ᠤᠨ ᠵᠣᠷᠢᠭ》 ᠨᠢᠭᠡᠳᠦᠯ ᠲᠤᠰ ᠰᠤᠮᠤᠨ ᠳᠤ ᠪᠠᠶᠢᠭᠤᠯᠤᠭᠳᠠᠨ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠶᠢᠭᠠᠳ 1990 ᠣᠨ ᠳᠤ ᠲᠠᠲᠠᠨ ᠪᠠᠭᠤᠭᠳᠠᠵᠠᠢ᠃

ᠡᠳ᠋ ᠍ ᠦᠨ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

2004 ᠣᠨ ᠤ ᠪᠠᠶᠢᠳᠠᠯ ᠢᠶᠠᠷ ᠨᠡᠶᠢᠲᠡ 137,000 ᠲᠣᠯᠣᠭᠠᠢ ᠮᠠᠯ ᠲᠣᠭᠠᠯᠠᠭᠳᠠᠭᠰᠠᠨ ᠤ 64,000 ᠨᠢ ᠢᠮᠠᠭ᠎ᠠ᠂ 57,000 ᠨᠢ ᠬᠣᠨᠢ᠂ 8,800 ᠨᠢ ᠦᠬᠡᠷ ᠪᠤᠶᠤ ᠰᠠᠷᠯᠤᠭ᠂ 7,200 ᠨᠢ ᠠᠳᠤᠭᠤ᠂ 33 ᠨᠢ ᠲᠡᠮᠡᠭᠡ ᠪᠠᠶᠢᠪᠠ[1]

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

  1. ᠰᠲ᠋ᠠᠲ᠋ᠢᠰᠲ᠋ᠢᠭ ᠤᠨ ᠲᠥᠪ ᠭᠠᠵᠠᠷ: 2004 ᠣᠨ ᠤ ᠮᠠᠯ ᠲᠣᠭᠠᠯᠠᠯᠭ᠎ᠠ

ᠨᠣᠮ ᠵᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮ᠃ᠨᠢᠮ᠎ᠠ ᠪᠠᠨ᠂ ᠬᠥᠪᠰᠥᠭᠥᠯ ᠠᠶᠢᠮᠠᠭ ᠤᠨ ᠯᠠᠪᠯᠠᠬᠤ ᠲᠣᠯᠢ, ᠤᠯᠠᠭᠠᠨᠪᠠᠭᠠᠲᠤᠷ 2001, ᠬ᠃133

ᠪᠢᠴᠢᠭᠡᠰᠦ