ᠲᠣᠰᠣᠨᠴᠡᠩᠭᠡᠯ ᠰᠤᠮᠤ (ᠵᠠᠪᠬᠠᠨ)

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠮᠣᠩᠭᠣᠯ ᠤᠯᠤᠰ ᠍ ᠍ ᠤᠨ ᠭᠤᠷᠪᠠᠨ ᠵᠠᠭᠤᠨ ᠭᠤᠴᠢᠨ ᠰᠤᠮᠤ ᠶᠢᠨ ᠨᠢᠭᠡ
ᠲᠣᠰᠣᠨᠴᠡᠩᠭᠡᠯ ᠰᠤᠮᠤ
ᠤᠯᠤᠰ ᠣᠷᠣᠨ ᠮᠣᠩᠭᠣᠯ ᠮᠣᠩᠭᠣᠯ (ᠮᠣᠩᠭᠣᠯ ᠤᠯᠤᠰ)
ᠠᠶᠢᠮᠠᠭ Zavchan.gif ᠵᠠᠪᠬᠠᠨ
ᠶᠠᠮᠠᠷ ᠨᠢᠭᠡᠴᠡ ᠰᠤᠮᠤ
ᠰᠤᠮᠤ ᠶᠢᠨ ᠲᠥᠪ ᠰᠢᠮᠠᠭᠤᠯ ᠲᠠᠢ
ᠨᠤᠲᠤᠭ ᠤᠨ ᠬᠤᠪᠢᠶᠠᠷᠢ ᠳᠣᠯᠣᠭᠠᠨ ᠪᠠᠭ ᠲᠤ ᠬᠤᠪᠢᠶᠠᠭᠳᠠᠨ᠎ᠠ:
1. ᠳᠠᠷᠬᠠᠨ-ᠠᠭᠤᠯᠠ
2. ᠬᠠᠶᠢᠷᠬᠠᠨ
3. ᠤᠯᠠᠭᠠᠨᠲᠣᠯᠣᠭᠠᠢ
4. ᠷᠠᠰᠢᠶᠠᠨ ᠳᠤ
5. ᠪᠠᠶᠠᠨ-ᠤᠯᠠᠭᠠᠨ
6. ᠢᠳᠡᠷ
7. ᠣᠷᠭᠢᠬᠤ
ᠭᠠᠵᠠᠷ ᠨᠤᠲᠤᠭ 5,300 ᠺᠦᠸᠠᠳ᠋ ᠺᠢᠯᠣᠮᠧᠲ᠋ᠷ
ᠬᠦᠮᠦᠨ ᠠᠮᠠ (2010) 7,881 ᠬᠦᠮᠦᠨ
ᠨᠢᠭᠲᠠᠴᠠ ᠰᠡᠶᠢᠷᠡᠭ 1.49 ᠬᠦᠮᠦᠨ/км²
ᠦᠨᠳᠦᠰᠦᠲᠡᠨ
ᠤᠭᠰᠠᠭᠠᠲᠠᠨ᠂ ᠶᠠᠰᠤᠲᠠᠨ
ᠣᠪᠤᠭ
ᠮᠣᠩᠭᠣᠯ ᠮᠣᠩᠭᠣᠯ ᠦᠨᠳᠦᠰᠦᠲᠡᠨ
ᠬᠠᠯᠬ᠎ᠠ /95%/, ᠣᠶᠢᠷᠠᠳ /5%/
ᠠᠯᠠᠭ ᠠᠳᠤᠤᠲᠠᠨ᠂ ᠪᠣᠷᠵᠢᠭᠢᠨ᠂ ᠪᠠᠭᠠᠲᠤᠳ᠂ ᠪᠠᠭᠠᠷᠢᠨ᠂
ᠪᠢᠴᠢᠭᠡᠴᠢ ᠳᠠᠭᠠᠷᠢᠲᠤᠨ᠂ ᠮᠣᠳᠣᠴᠢᠨ᠂ ᠲᠠᠶᠢᠵᠢ ᠨᠤᠭᠤᠳ᠂
ᠬᠥᠯ ᠠᠪᠠᠴᠢᠨ᠂ ᠬᠠᠷ᠎ᠠ ᠠᠳᠤᠤᠲᠠᠨ᠂ ᠴᠠᠭᠠᠨ ᠭᠡᠷ ᠦᠳ᠂
ᠴᠢᠨᠣᠰ᠂ ᠰᠢᠭᠤᠳᠠᠢ᠂ ᠢᠯᠠᠪᠴᠠᠢ
ᠴᠠᠭ ᠤᠨ ᠪᠥᠰᠡ ᠤᠯᠠᠭᠠᠨᠪᠠᠭᠠᠲᠤᠷ ᠤᠨ ᠴᠠᠭ (GMT+8)
ᠲᠣᠰᠣᠨᠴᠡᠩᠭᠡᠯ ᠰᠤᠮᠤ ᠶᠢᠨ ᠲᠥᠪ

ᠲᠣᠰᠣᠨᠴᠡᠩᠭᠡᠯ ᠨᠢ ᠵᠠᠪᠬᠠᠨ ᠠᠶᠢᠮᠠᠭ ᠤᠨ ᠰᠤᠮᠤ ᠶᠤᠮ᠃ ᠠᠶᠢᠮᠠᠭ ᠲᠤ ᠪᠠᠨ ᠠᠶᠢᠮᠠᠭ ᠤᠨ ᠲᠥᠪ ᠤᠯᠢᠶᠠᠰᠤᠲᠠᠢᠨ ᠳᠠᠷᠠᠭ᠎ᠠ 2 ᠍ ᠍ ᠳᠦ ᠤᠷᠤᠬᠤ ᠲᠣᠮᠣ ᠰᠤᠮᠤ᠂ ᠰᠠᠭᠤᠷᠢᠨ ᠭᠠᠵᠠᠷ ᠪᠣᠯᠤᠨ᠎ᠠ᠃ 9000 ᠣᠷᠴᠢᠮ ᠣᠷᠣᠰᠢᠨ ᠰᠠᠭᠤᠭᠴᠢ ᠲᠠᠢ᠂ ᠳᠤᠮᠳᠠ ᠰᠤᠷᠭᠠᠭᠤᠯᠢ᠂ ᠰᠤᠮᠤ ᠳᠤᠮᠳᠠ ᠶᠢᠨ ᠡᠮᠨᠡᠯᠭᠡ ᠲᠡᠢ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠩᠬ᠎ᠠ ᠣᠳᠣ ᠶᠢᠨ ᠦᠨᠳᠦᠰᠦᠨ ᠵᠠᠰᠠᠭ ᠵᠠᠬᠢᠷᠭᠠᠨ ᠤ ᠨᠢᠭᠡᠴᠡ ᠨᠦᠭᠦᠳ ᠪᠠᠶᠢᠭᠤᠯᠤᠭᠳᠠᠬᠤ ᠦᠶ᠎ᠡ ᠳᠦ /1923/ ᠢᠳᠡᠷ ᠦᠨ ᠭᠣᠣᠯ ᠤᠨ ᠬᠣᠶᠢᠳᠤ ᠬᠡᠰᠡᠭ ᠪᠤᠶᠤ ᠬᠠᠭᠤᠴᠢᠨ ᠢᠶᠠᠷ ᠰᠠᠶᠢᠨ ᠨᠣᠶᠠᠨ ᠬᠠᠨ ᠠᠶᠢᠮᠠᠭ ᠤᠨ ᠪᠢᠷᠸᠠᠷᠤᠭᠴᠢ ᠪᠠᠨ ᠪᠡᠶᠢᠰᠡ ᠶᠢᠨ ᠬᠣᠰᠢᠭᠤ᠂ ᠭᠣᠣᠯ ᠤᠨ ᠡᠮᠦᠨᠡᠲᠦ ᠡᠲᠡᠭᠡᠳ ᠳ᠋ᠡᠬᠢ ᠳᠠᠯᠠᠶᠢᠴᠣᠶᠢᠩᠬᠣᠷ ᠸᠠᠩ ᠤᠨ ᠬᠣᠰᠢᠭᠤᠨ ᠤ ᠵᠠᠷᠢᠮ ᠨᠤᠲᠤᠭ ᠢ ᠨᠡᠶᠢᠯᠡᠭᠦᠯᠦᠨ ᠠᠷᠤᠬᠠᠩᠭᠠᠢ ᠠᠶᠢᠮᠠᠭ ᠤᠨ ᠲᠣᠰᠣᠨᠴᠡᠩᠭᠡᠯ ᠰᠤᠮᠤ ᠶᠢ ᠪᠠᠶᠢᠭᠤᠯᠵᠠᠢ᠃ ᠲᠤᠰ ᠨᠤᠲᠤᠭ ᠲᠤ ᠤᠷᠤᠰᠢᠬᠤ ᠲᠣᠰᠤᠨ᠂ ᠴᠡᠩᠭᠡᠯ ᠤᠤᠯ ᠤᠳ ᠤᠨ ᠨᠡᠷ᠎ᠡ ᠪᠡᠷ ᠡᠶᠢᠨ ᠨᠡᠷᠡᠯᠡᠬᠦ ᠰᠠᠨᠠᠯ ᠢ ᠨᠤᠲᠤᠭ ᠤᠨ ᠢᠷᠭᠡᠨ ᠭᠠᠷᠭᠠᠭᠰᠠᠨ ᠨᠢ ᠳᠡᠮᠵᠢᠭᠳᠡᠵᠦ ᠲᠣᠰᠣᠨᠴᠡᠩᠭᠡᠯ ᠰᠤᠮᠤ ᠭᠡᠭᠡ ᠳᠦ ᠬᠢ ᠪᠣᠯᠤᠭᠰᠠᠨ᠃ 1942 ᠣᠨ ᠤ ᠥᠭᠡᠷᠡᠴᠢᠯᠡᠯᠲᠡ ᠪᠡᠷ ᠠᠶᠢᠮᠠᠭ ᠤᠨ ᠲᠥᠪ ᠡᠴᠡ ᠬᠡᠲᠦ ᠠᠯᠤᠰᠯᠠᠭᠳᠠᠭᠰᠠᠨ ᠲᠤᠯᠠ ᠲᠤᠰ ᠰᠤᠮᠤ ᠶᠢ ᠵᠠᠪᠬᠠᠨ ᠠᠶᠢᠮᠠᠭ ᠲᠤ ᠨᠢᠭᠡᠳᠬᠡᠬᠦ ᠪᠡᠷ ᠪᠣᠯᠤᠭᠰᠠᠨ᠃ ᠬᠣᠵᠢᠮ ᠲᠤᠰ ᠰᠤᠮᠤ ᠶᠢ ᠪᠤᠯᠠᠨᠠᠢ ᠰᠤᠮᠤ ᠭᠡᠭᠡ ᠳᠦ ᠬᠢ ᠪᠣᠯᠤᠭᠰᠠᠨ ᠦᠶ᠎ᠡ ᠳᠦ ᠮᠣᠳᠣᠨ ᠤ ᠨᠥᠭᠡᠴᠡ ᠶᠢ ᠨᠢ ᠲᠦᠰᠢᠭᠯᠡᠨ ᠪᠠᠶᠢᠭᠤᠯᠤᠭᠰᠠᠨ ᠮᠣᠳᠣ ᠪᠣᠯᠪᠠᠰᠤᠷᠠᠭᠤᠯᠬᠤ ᠦᠢᠯᠡᠳᠪᠦᠷᠢ ᠶᠢ ᠲᠣᠭᠣᠷᠢᠨ ᠲᠣᠮᠣᠬᠠᠨ ᠰᠠᠭᠤᠷᠢᠨ ᠪᠤᠢ ᠪᠣᠯᠤᠭᠰᠠᠨ ᠪᠠᠶᠢᠨ᠎ᠠ᠃ ᠲᠤᠰ ᠰᠠᠭᠤᠷᠢᠨ ᠢ ᠣᠷᠣᠨ ᠨᠤᠲᠤᠭ ᠤᠨ ᠲᠣᠰᠣᠨᠴᠡᠩᠭᠡᠯ ᠬᠣᠲᠠ ᠭᠡᠵᠦ ᠨᠡᠷᠡᠯᠡᠨ ᠬᠠᠷᠢᠨ ᠬᠣᠶᠢᠳᠤ ᠬᠡᠰᠡᠭ ᠪᠤᠶᠤ ᠬᠠᠭᠤᠴᠢᠨ ᠰᠤᠮᠤ ᠨᠢ ᠪᠤᠯᠠᠨᠠᠢ ᠨᠡᠷ᠎ᠡ ᠪᠡᠷ ᠢᠶᠡᠨ ᠦᠯᠡᠳᠡᠵᠡᠢ᠃ ᠤᠯᠤᠰ ᠣᠷᠣᠨ ᠮᠠᠨᠢ ᠠᠷᠠᠳᠴᠢᠯᠠᠯ ᠳᠤ ᠰᠢᠯᠵᠢᠵᠦ ᠪᠠᠶᠢᠭᠰᠠᠨ 90 ᠍ ᠍ ᠊ᠭᠡᠳ ᠣᠨ ᠤ ᠦᠶ᠎ᠡ ᠳᠦ ᠨᠤᠲᠤᠭ ᠤᠨ ᠢᠷᠭᠡᠳ ᠦᠨ ᠰᠠᠨᠠᠯ ᠢᠶᠠᠷ ᠰᠤᠮᠤ ᠨᠢ ᠲᠣᠰᠣᠨᠴᠡᠩᠭᠡᠯ ᠭᠡᠳᠡᠭ ᠬᠠᠭᠤᠴᠢᠨ ᠨᠡᠷ᠎ᠡ ᠪᠡᠨ ᠰᠡᠷᠭᠦᠭᠡᠵᠦ ᠬᠠᠷᠢᠨ ᠬᠣᠲᠠ ᠭᠡᠳᠡᠭ ᠰᠲ᠋ᠠᠲ᠋ᠦ᠋ᠰ ᠨᠢ ᠮᠣᠳᠣᠨ ᠤ ᠦᠢᠯᠡᠳᠪᠦᠷᠢ ᠶᠢᠨ ᠬᠠᠮᠲᠤ ᠦᠭᠡᠢ ᠪᠣᠯᠵᠠᠢ᠃

ᠭᠠᠵᠠᠷ ᠵᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠣᠰᠣᠨᠴᠡᠩᠭᠡᠯ ᠰᠤᠮᠤ ᠵᠠᠪᠬᠠᠨ ᠠᠶᠢᠮᠠᠭ ᠤᠨ ᠵᠡᠭᠦᠨ ᠬᠣᠶᠢᠳᠤ ᠬᠡᠰᠡᠭ ᠲᠦ ᠣᠷᠣᠰᠢᠨ᠎ᠠ᠃ ᠪᠠᠷᠠᠭᠤᠨ ᠲᠠᠯ᠎ᠠ ᠪᠠᠷ ᠢᠶᠠᠨ ᠵᠠᠪᠬᠠᠨ ᠠᠶᠢᠮᠠᠭ ᠤᠨ ᠢᠳᠡᠷ᠂ ᠲᠡᠯᠡᠮᠡᠨ ᠰᠤᠮᠤ ᠳᠤ᠂ ᠬᠣᠶᠢᠳᠤ ᠲᠠᠯ᠎ᠠ ᠪᠠᠷ ᠢᠶᠠᠨ ᠬᠥᠪᠰᠥᠭᠥᠯ ᠠᠶᠢᠮᠠᠭ ᠤᠨ ᠴᠡᠴᠡᠷᠯᠢᠭ ᠰᠤᠮᠤ᠂ ᠵᠡᠭᠦᠨ ᠲᠠᠯ᠎ᠠ ᠪᠠᠷ ᠢᠶᠠᠨ ᠵᠠᠪᠬᠠᠨ ᠠᠶᠢᠮᠠᠭ ᠤᠨ ᠶᠡᠬᠡ-ᠠᠭᠤᠯᠠ ᠰᠤᠮᠤ᠂ ᠤᠷᠢᠳᠤ ᠲᠠᠯ᠎ᠠ ᠪᠠᠷ ᠢᠶᠠᠨ ᠵᠠᠪᠬᠠᠨ ᠠᠶᠢᠮᠠᠭ ᠤᠨ ᠣᠳᠬᠣᠨ ᠰᠤᠮᠤ᠂ ᠠᠷᠤᠬᠠᠩᠭᠠᠢ ᠠᠶᠢᠮᠠᠭ ᠤᠨ ᠴᠠᠬᠢᠷ ᠰᠤᠮᠤᠳ ᠲᠠᠢ ᠬᠢᠯᠢᠯᠡᠳᠡᠭ᠃ ᠢᠳᠡᠷ ᠦᠨ ᠭᠣᠣᠯ ᠰᠤᠮᠤ ᠶᠢᠨ ᠨᠤᠲᠤᠭ ᠢ 2 ᠬᠡᠰᠡᠭ ᠲᠦ ᠬᠤᠪᠢᠶᠠᠳᠠᠭ᠃ ᠭᠣᠣᠯ ᠤᠨ ᠬᠣᠢ ᠳᠤ ᠲᠠᠯ᠎ᠠ ᠶᠢᠨ ᠬᠡᠰᠡᠭ ᠨᠢ ᠬᠥᠪᠰᠥᠭᠥᠯ᠂ ᠵᠠᠪᠬᠠᠨ ᠠᠶᠢᠮᠠᠭ ᠢ ᠵᠠᠭᠠᠭᠯᠠᠭᠰᠠᠨ ᠪᠤᠯᠠᠨᠠᠢ ᠶᠢᠨ ᠨᠢᠷᠤᠭᠤᠨ ᠤ ᠪᠡᠯ ᠪᠣᠯᠤᠨ᠎ᠠ᠃

ᠰᠤᠮᠤ ᠶᠢᠨ ᠡᠮᠦᠨᠡᠲᠦ ᠬᠡᠰᠡᠭ ᠨᠢ ᠬᠠᠩᠭᠠᠢ ᠶᠢᠨ ᠨᠢᠷᠤᠭᠤᠨ ᠤ ᠰᠠᠯᠪᠤᠷᠢ ᠪᠣᠯᠬᠤ ᠲᠠᠷᠪᠠᠭᠠᠲᠠᠢ ᠶᠢᠨ ᠨᠢᠷᠤᠭᠤᠨ ᠤ ᠪᠡᠯ ᠳᠦ ᠣᠷᠣᠰᠢᠨ᠎ᠠ᠃ ᠰᠤᠮᠤ ᠶᠢᠨ ᠬᠠᠮᠤᠭ ᠤᠨ ᠥᠨᠳᠥᠷ ᠴᠡᠭ ᠨᠢ ᠮᠠᠷᠠᠵᠠ ᠠᠭᠤᠯᠠ (3205 ᠮ) ᠶᠤᠮ᠃ ᠣᠶᠢᠲᠤ ᠬᠡᠭᠡᠷ᠎ᠡ᠂ ᠬᠡᠭᠡᠷ᠎ᠡ ᠶᠢᠨ ᠪᠥᠰᠡ ᠳᠦ ᠬᠠᠮᠢᠶᠠᠷᠳᠠᠭ᠃ ᠠᠭᠤᠷ ᠠᠮᠢᠰᠬᠤᠯ ᠨᠢ ᠨᠡᠯᠢᠶᠡᠳ ᠡᠷᠡᠰ ᠲᠡᠰᠦ ᠪᠥᠭᠡᠳ ᠮᠣᠩᠭᠣᠯ ᠣᠷᠣᠨ ᠤ ᠬᠠᠮᠤᠭ ᠤᠨ ᠬᠦᠢᠲᠡᠨ ᠴᠡᠭᠡ ᠨᠦᠭᠦᠳ ᠦᠨ ᠨᠢᠭᠡ ᠪᠤᠶᠤ ᠰᠡᠷᠢᠭᠦᠨ ᠪᠥᠰᠡ ᠳᠦ ᠪᠠᠭᠲᠠᠳᠠᠭ᠃ ᠡᠪᠦᠯ ᠨᠢ -53 ᠬᠡᠮ᠂ ᠵᠤᠨ ᠨᠢ +38 ᠬᠡᠮ ᠬᠦᠷᠲᠡᠯ᠎ᠡ ᠲᠣᠯᠠᠭᠠᠨ ᠤ ᠬᠡᠮᠵᠢᠶ᠎ᠡ ᠤᠨ ᠵᠥᠷᠢᠭᠦᠦ ᠪᠦᠷᠢᠳᠬᠡᠭᠳᠡᠵᠦ ᠪᠠᠶᠢᠭᠰᠠᠨ᠃ ᠮᠣᠩᠭᠣᠯ ᠤᠨ ᠬᠠᠩᠭᠠᠢ ᠶᠢᠨ ᠨᠢᠷᠤᠭᠤᠨ ᠤ ᠭᠣᠣᠯᠯᠠᠬᠤ ᠬᠡᠰᠡᠭ ᠪᠤᠶᠤ ᠲᠠᠷᠪᠠᠭᠠᠲᠠᠢ ᠶᠢᠨ ᠨᠢᠷᠤᠭᠤ ᠡᠨᠡ ᠰᠤᠮᠤ ᠶᠢᠨ ᠶᠡᠬᠡᠩᠬᠢ ᠨᠤᠲᠤᠭ ᠢ ᠡᠵᠡᠯᠡᠳᠡᠭ᠃ ᠵᠠᠪᠬᠠᠨ ᠤ ᠬᠠᠩᠭᠠᠢ ᠶᠢᠨ ᠰᠤᠮᠤᠳ ᠤᠨ ᠭᠣᠣᠯ ᠲᠥᠯᠥᠭᠡᠯᠡᠭᠴᠢ ᠪᠣᠯᠬᠤ ᠲᠣᠰᠣᠨᠴᠡᠩᠭᠡᠯ ᠨᠢ ᠮᠣᠳᠣᠨ ᠤ ᠠᠰᠤᠷᠤ ᠶᠡᠬᠡ ᠨᠥᠭᠡᠴᠡ ᠲᠡᠢ᠃ ᠭᠡᠪᠡᠴᠦ ᠰᠣᠴᠢᠶᠠᠯᠢᠮ ᠤᠨ ᠦᠶ᠎ᠡ ᠳᠦ ᠪᠠᠶᠢᠭᠤᠯᠤᠭᠳᠠᠭᠰᠠᠨ᠂ ᠮᠣᠩᠭᠣᠯ ᠣᠷᠣᠨ ᠤ ᠪᠠᠷᠠᠭᠤᠨ ᠠᠶᠢᠮᠠᠭ ᠤᠳ ᠢ ᠪᠦᠲᠦᠨ ᠪᠠ ᠬᠠᠭᠠᠰ ᠪᠣᠯᠪᠠᠰᠤᠷᠠᠭᠤᠯᠤᠭᠰᠠᠨ ᠮᠣᠳᠣᠨ ᠪᠦᠲᠦᠭᠡᠭᠳᠡᠬᠦᠨ ᠢᠶᠡᠷ ᠬᠠᠩᠭᠠᠬᠤ ᠵᠣᠷᠢᠯᠭ᠎ᠠ ᠲᠠᠢ ᠮᠣᠳᠣᠨ ᠤ ᠦᠢᠯᠡᠳᠪᠦᠷᠢ ᠨᠢ ᠤᠭ ᠨᠥᠭᠡᠴᠡ ᠶᠢ ᠮᠠᠰᠢ ᠦᠷᠡᠯᠭᠡᠨ ᠪᠠᠶᠢᠳᠠᠯ ᠢᠶᠠᠷ ᠠᠰᠢᠭᠯᠠᠵᠤ ᠭᠠᠵᠠᠷ ᠨᠤᠲᠤᠭ ᠢ ᠨᠢ ᠳᠠᠬᠢᠵᠤ ᠰᠡᠷᠭᠡᠭᠳᠡᠰᠢ ᠦᠭᠡᠢ ᠪᠡᠷ ᠵᠡᠷᠡᠮᠳᠡᠭᠯᠡᠵᠡᠢ᠃ ᠪᠠᠶᠢᠭᠠᠯᠢ ᠶᠢᠨ ᠪᠠᠶᠠᠯᠢᠭ ᠤᠨ ᠬᠤᠪᠢ ᠳᠤ ᠬᠥᠷᠦᠰᠦᠨ ᠳᠣᠣᠷᠠᠬᠢ ᠪᠠᠶᠠᠯᠢᠭ ᠨᠢ ᠰᠠᠶᠢᠲᠤᠷ ᠰᠤᠳᠤᠯᠤᠭᠳᠠᠭ᠎ᠠ ᠦᠭᠡᠢ᠂ ᠬᠠᠷᠢᠨ ᠬᠥᠷᠦᠭᠰᠡᠨ ᠳᠡᠭᠡᠷᠡᠬᠢ ᠪᠠᠶᠠᠯᠢᠭ ᠨᠢ ᠰᠤᠮᠤ ᠶᠢᠨ ᠢᠷᠭᠡᠳ ᠦᠨ ᠭᠣᠣᠯ ᠠᠮᠵᠢᠷᠭᠠᠨ ᠤ ᠡᠬᠢ ᠡᠭᠦᠰᠪᠦᠷᠢ ᠪᠣᠯᠳᠠᠭ᠃ ᠡᠭᠦᠨ ᠳᠦ ᠮᠣᠳᠣ᠂ ᠲᠥᠷᠥᠯ ᠪᠦᠷᠢ ᠶᠢᠨ ᠵᠢᠮᠢᠰ ᠵᠢᠮᠢᠰᠬᠡᠨ᠎ᠡ᠂ ᠠᠨ ᠠᠮᠢᠲᠠᠨ᠂ ᠪᠠᠷᠢᠯᠭ᠎ᠠ ᠶᠢᠨ ᠵᠠᠷᠢᠮ ᠲᠦᠭᠦᠬᠡᠢ ᠡᠳ᠋ ᠵᠡᠷᠭᠡ ᠣᠷᠣᠨ᠎ᠠ᠃

ᠡᠨᠡ ᠨᠤᠲᠤᠭ ᠨᠢ ᠡᠷᠲᠡᠨ ᠡᠴᠡ ᠰᠤᠪᠢᠯᠠᠯ ᠤᠨ ᠬᠠᠯᠠᠭᠤᠨ ᠷᠠᠰᠢᠶᠠᠨ ᠤᠰᠤ ᠪᠠᠷ ᠢᠶᠠᠨ ᠠᠯᠳᠠᠷᠲᠠᠢ᠃ ᠰᠤᠮᠤ ᠶᠢᠨ ᠡᠮᠦᠨᠡᠲᠦ ᠬᠡᠰᠡᠭ ᠲᠦ ᠮᠠᠷᠠᠵᠠ ᠠᠭᠤᠯᠠ ᠶᠢᠨ ᠪᠡᠯ ᠳᠦ ᠤᠷᠤᠰᠢᠬᠤ ᠬᠣᠵᠤᠤᠯ᠎ᠠ ᠶᠢᠨ ᠬᠠᠯᠠᠭᠤᠨ ᠷᠠᠰᠢᠶᠠᠨ ᠨᠢ ᠬᠦᠮᠦᠨ ᠦ ᠪᠡᠶ᠎ᠡ ᠳᠦ ᠡᠮᠴᠢᠯᠡᠭᠡᠨ ᠦ ᠥᠨᠳᠥᠷ ᠠᠰᠢᠭ ᠲᠤᠰᠠ ᠲᠠᠢ᠃

ᠡᠳ᠋ ᠍ ᠍ ᠦᠨ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠰᠣᠴᠢᠶᠠᠯᠢᠮ ᠤᠨ ᠦᠶ᠎ᠡ ᠳᠦ ᠮᠣᠩᠭᠣᠯ ᠤᠯᠤᠰ ᠲᠤ ᠲᠣᠮᠣᠬᠠᠨ ᠳᠤ ᠲᠣᠭᠠᠴᠠᠭᠳᠠᠬᠤ ᠮᠣᠳᠣ ᠪᠣᠯᠪᠠᠰᠤᠷᠠᠭᠤᠯᠬᠤ ᠦᠢᠯᠡᠳᠪᠦᠷᠢ ᠠᠵᠢᠯᠯᠠᠵᠤ ᠪᠠᠶᠢᠭᠰᠠᠨ᠃ ᠢᠳᠡᠷ ᠦᠨ ᠭᠣᠣᠯ ᠳᠡᠭᠡᠷ᠎ᠡ ᠪᠠᠭ᠎ᠠ ᠣᠪᠣᠷ ᠤᠨ ᠤᠰᠤᠨ ᠴᠠᠬᠢᠯᠭᠠᠨ ᠰᠲ᠋ᠠᠨᠼ ᠪᠤᠢ᠃ ᠪᠡᠯᠴᠢᠭᠡᠷ ᠦᠨ ᠮᠠᠯ ᠠᠵᠤ ᠠᠬᠤᠢ ᠳᠤ ᠰᠠᠭᠤᠷᠢᠯᠠᠭᠰᠠᠨ ᠲᠦᠭᠦᠬᠡᠢ ᠡᠳ᠋ ᠪᠡᠯᠡᠳᠬᠡᠨ ᠨᠡᠶᠢᠯᠡᠭᠦᠯᠬᠦ ᠲᠥᠪ᠂ ᠤᠯᠤᠰ ᠳᠠᠮᠨᠠᠭᠰᠠᠨ ᠲᠣᠮᠣᠬᠠᠨ ᠺᠣᠮᠫᠠᠨᠢ ᠨᠤᠭᠤᠳ ᠤᠨ ᠰᠠᠯᠪᠤᠷᠢ᠂ ᠪᠠᠩᠬᠢᠨ ᠤ ᠰᠦᠯᠵᠢᠶ᠎ᠡ᠂ ᠪᠠᠷᠠᠭᠤᠨ ᠠᠶᠢᠮᠠᠭ ᠤᠳ ᠤᠨ ᠨᠢᠰᠬᠦ ᠣᠩᠭᠣᠴᠠᠨ ᠤ ᠰᠤᠮᠤᠯᠭᠠᠨ ᠤ ᠴᠡᠭ᠂ ᠨᠧᠹᠲ ᠪᠦᠲᠦᠭᠡᠭᠳᠡᠬᠦᠨ ᠶᠡᠬᠡ ᠬᠡᠮᠵᠢᠶ᠎ᠡ ᠪᠡᠷ ᠬᠠᠳᠠᠭᠠᠯᠠᠬᠤ ᠨᠥᠭᠡᠴᠡ ᠪᠦᠬᠦᠢ ᠰᠢᠲᠠᠬᠤᠨ ᠲᠦᠭᠡᠭᠡᠬᠦ ᠰᠲ᠋ᠠᠨᠼ᠂ ᠬᠦᠮᠦᠨ ᠡᠮᠨᠡᠯᠭᠡ ᠶᠢᠨ ᠨᠢᠭᠡᠳᠦᠭᠰᠡᠨ ᠲᠥᠪ᠂ ᠪᠦᠷᠢᠨ ᠳᠤᠮᠳᠠ ᠪᠣᠯᠪᠠᠷᠠᠯ ᠤᠨ ᠰᠤᠷᠭᠠᠭᠤᠯᠢ᠂ ᠴᠡᠴᠡᠷᠯᠢᠭ ᠦᠳ ᠲᠡᠢ᠃ 2012 ᠣᠨ ᠳᠤ ᠰᠤᠮᠤ ᠶᠢᠨ ᠲᠥᠪ ᠲᠦ ᠬᠠᠲᠠᠭᠤ ᠬᠤᠴᠢᠯᠲᠠ ᠲᠠᠢ 2 ᠺᠢᠯᠣᠮᠧᠲ᠋ᠷ ᠵᠠᠮ ᠠᠰᠢᠭᠯᠠᠯᠲᠠ ᠳᠤ ᠣᠷᠣᠭᠰᠠᠨ᠃ ᠮᠥᠨ ᠲᠡᠯᠡᠮᠡᠨ ᠰᠤᠮᠤᠨ ᠳᠤ ᠪᠠᠷᠢᠭᠳᠠᠬᠤ ᠴᠠᠬᠢᠯᠭᠠᠨ ᠰᠲ᠋ᠠᠨᠼ ᠤᠨ ᠭᠧᠨᠧᠷᠠᠲ᠋ᠣᠷ ᠠᠴᠠ ᠲᠡᠵᠢᠭᠡᠭᠳᠡᠬᠦ ᠴᠠᠬᠢᠯᠭᠠᠨ ᠳᠠᠮᠵᠢᠭᠤᠯᠬᠤ ᠱᠤᠭᠤᠮ ᠰᠦᠯᠵᠢᠶ᠎ᠡ ᠠᠰᠢᠭᠯᠠᠯᠲᠠᠨ ᠳᠤ ᠣᠷᠣᠭᠠᠳ ᠪᠠᠶᠢᠨ᠎ᠠ᠃

ᠵᠠᠮ ᠬᠠᠷᠢᠯᠴᠠᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠣᠰᠣᠨᠴᠡᠩᠭᠡᠯ ᠰᠤᠮᠤ ᠨᠢ ᠬᠠᠷᠢᠴᠠᠩᠭᠤᠢ ᠵᠠᠮ ᠬᠠᠷᠢᠯᠴᠠᠭ᠎ᠠ ᠰᠠᠶᠢᠲᠠᠢ᠃ ᠤᠯᠢᠶᠠᠰᠤᠲᠠᠢ (181 ᠺᠢᠯᠣᠮᠧᠲ᠋ᠷ), ᠮᠥᠷᠡᠨ (213 ᠺᠢᠯᠣᠮᠧᠲ᠋ᠷ), ᠴᠡᠴᠡᠷᠯᠢᠭ (361 ᠺᠢᠯᠣᠮᠧᠲ᠋ᠷ), ᠤᠯᠠᠭᠠᠨᠠᠭᠠᠮ (573 ᠺᠢᠯᠣᠮᠧᠲ᠋ᠷ) ᠬᠣᠲᠠ ᠨᠤᠭᠤᠳ ᠲᠠᠢ ᠬᠣᠯᠪᠣᠭᠳᠠᠭᠰᠠᠨ᠃ ᠮᠥᠨ ᠣᠷᠣᠰ ᠤᠨ ᠬᠢᠯᠢ ᠡᠴᠡ 307 ᠺᠢᠯᠣᠮᠧᠲ᠋ᠷ ᠵᠠᠶᠢᠲᠠᠢ᠃

ᠲᠣᠰᠣᠨᠴᠡᠩᠭᠡᠯ ᠦᠨ ᠨᠢᠰᠬᠦ ᠣᠩᠭᠣᠴᠠᠨ ᠤ ᠪᠠᠭᠤᠳᠠᠯ ᠰᠤᠮᠤ ᠶᠢᠨ ᠲᠥᠪ ᠡᠴᠡ 3,5 ᠺᠢᠯᠣᠮᠧᠲ᠋ᠷ ᠵᠠᠢ ᠳᠤ᠂ ᠢᠳᠡᠷ ᠦᠨ ᠭᠣᠣᠯ ᠤᠨ ᠤᠷᠢᠳᠤ ᠡᠷᠭᠢ ᠳᠡᠭᠡᠷ᠎ᠡ ᠪᠤᠢ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ