ᠲᠥᠷᠥ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ТӨР (ᠠᠩᠭᠯᠢ ᠪᠠᠷ:state) – ᠨᠡᠶᠢᠭᠡᠮ ᠤᠨ ᠨᠡᠶᠢᠲᠡᠯᠢᠭ ᠡᠷᠬᠡ ᠠᠰᠢᠭ ᠢ ᠬᠠᠮᠠᠭᠠᠯᠠᠵᠤ᠂ ᠨᠡᠶᠢᠲᠡᠯᠢᠭ ᠦᠢᠯᠡᠴᠢᠯᠡᠬᠦ ᠰᠢᠢᠳᠪᠦᠷᠢ ᠶᠢ ᠭᠠᠷᠭᠠᠭᠴᠢ᠂ ᠠᠯᠪᠠᠳᠠᠯᠭ᠎ᠠ᠂ ᠬᠦᠴᠦ ᠬᠡᠷᠡᠭᠯᠡᠬᠦ ᠣᠨᠴᠠᠭᠠᠢ ᠡᠷᠬᠡ ᠪᠦᠬᠦᠢ ᠵᠠᠰᠠᠭᠯᠠᠯ ᠤᠨ ᠠᠫᠫᠠᠷᠠᠲ ᠲᠠᠢ᠂ ᠬᠠᠤᠯᠢ ᠶᠣᠰᠣ᠂ ᠤᠯᠠᠮᠵᠢᠯᠠᠯ᠂ ᠵᠠᠩ ᠵᠠᠩᠰᠢᠯ ᠤᠨ ᠳᠠᠭᠠᠤ ᠣᠯᠭᠣᠭᠳᠠᠭᠰᠠᠨ ᠡᠷᠬᠡ ᠨᠢ ᠲᠤᠬᠠᠢ ᠶᠢᠨ ᠨᠤᠲᠤᠭ ᠳᠡᠪᠢᠰᠬᠡᠷ ᠦᠨ ᠬᠢᠵᠠᠭᠠᠷ ᠲᠤ ᠭᠠᠳᠠᠨ᠎ᠠ ᠶᠢᠨ ᠶᠠᠮᠠᠷ ᠴᠤ ᠬᠦᠴᠦᠨ ᠡᠴᠡ ᠦᠯᠦ ᠬᠠᠮᠢᠶᠠᠷᠤᠨ ᠵᠠᠪᠠᠯ ᠬᠡᠷᠡᠭᠵᠢᠬᠦ ᠬᠦᠴᠦᠨᠲᠡᠢ᠂ ᠨᠡᠶᠢᠭᠡᠮ ᠤᠨ ᠥᠪᠡᠷ ᠢᠶᠡᠨ ᠥᠪᠡᠷ ᠢ ᠪᠡᠨ ᠵᠣᠬᠢᠶᠠᠨ ᠪᠠᠶᠢᠭᠤᠯᠬᠤ ᠢᠯᠡᠷᠬᠡᠶᠢᠯᠡᠯ ᠪᠣᠯᠤᠭᠰᠠᠨ ᠤᠯᠤᠰ ᠲᠥᠷᠥ ᠨᠡᠶᠢᠭᠡᠮ ᠤᠨ ᠢᠨᠰᠲ᠋ᠢᠲ᠋ᠦᠶᠢᠲ ᠶᠤᠮ᠃ ᠲᠥᠷᠥ ᠶᠢᠨ ᠡᠭᠦᠰᠦᠯ ᠭᠠᠷᠤᠯ ᠤᠨ ᠲᠠᠯ᠎ᠠ ᠪᠠᠷ ᠣᠨᠣᠯ᠂ ᠦᠵᠡᠯ ᠪᠠᠷᠢᠮᠲᠠᠯᠠᠯ ᠤᠳ ᠲᠤ ᠱᠠᠰᠢᠨ ᠤ ᠣᠨᠣᠯ; ᠡᠴᠢᠭᠡ ᠶᠢᠨ ᠡᠷᠬᠡᠲᠦ ᠶᠣᠰᠣᠨ ᠤ; ᠡᠵᠡᠯᠡᠯᠲᠡ ᠶᠢᠨ ᠪᠤᠶᠤ ᠬᠦᠴᠦᠷᠬᠡᠶᠢᠯᠡᠯ ᠦᠨ; ᠨᠡᠶᠢᠭᠡᠮ ᠤᠨ ᠭᠡᠷ᠎ᠡ ᠶᠢᠨ ᠣᠨᠣᠯ; ᠲᠡᠦᠬᠡᠨ ᠮᠠᠲ᠋ᠧᠷᠢᠠᠯᠢᠰᠮ ᠤᠨ; ᠬᠦᠮᠦᠨ ᠠᠮᠠ ᠵᠦᠢ ᠶᠢᠨ; ᠠᠨᠲᠷᠣᠫᠣᠯᠣᠭ ᠤᠨ; ᠰᠡᠳᠬᠢᠯᠡᠵᠦᠢ ᠶᠢᠨ; ᠤᠰᠤᠵᠢᠭᠤᠯᠤᠯᠲᠠ ᠶᠢᠨ ᠵᠡᠷᠭᠡ ᠣᠨᠣᠯ᠂ ᠦᠵᠡᠯ ᠪᠠᠷᠢᠮᠲᠠᠯᠠᠯ ᠤᠳ ᠪᠠᠶᠢᠨ᠎ᠠ᠃ ᠲᠥᠷᠥ ᠶᠢᠨ ᠣᠨᠴᠠᠯᠢᠭ ᠰᠢᠨᠵᠢ ᠴᠢᠨᠠᠷ:

1. ᠲᠥᠷᠥ ᠵᠠᠶᠢᠯᠠᠰᠢ ᠦᠭᠡᠢ ᠰᠢᠨᠵᠢ ᠲᠡᠢ᠃ ᠶᠠᠮᠠᠷᠴᠤ ᠬᠦᠮᠦᠨ ᠨᠡᠶᠢᠭᠡᠮ ᠤᠨ ᠶᠠᠮᠠᠷᠴᠤ ᠪᠦᠯᠦᠭ ᠲᠥᠷᠥ ᠳᠦ ᠵᠠᠪᠠᠯ ᠬᠠᠷᠢᠶᠠᠯᠠᠭᠳᠠᠨ᠎ᠠ᠃ ᠲᠥᠷᠥ ᠪᠠᠶᠢᠬᠤ ᠨᠢ ᠢᠷᠭᠡᠨ ᠲᠡᠢ ᠪᠠᠶᠢᠨ᠎ᠠ᠃ ᠢᠷᠭᠡᠨ ᠪᠠᠶᠢᠬᠤ ᠨᠢ ᠲᠥᠷᠥ ᠪᠠᠶᠢᠬᠤ ᠶᠢᠨ ᠢᠯᠡᠷᠡᠯ᠃

2. ᠲᠥᠷᠥ ᠲᠦᠭᠡᠮᠡᠯ ᠰᠢᠨᠵᠢ ᠲᠡᠢ᠃ ᠲᠤᠬᠠᠢ ᠶᠢᠨ ᠣᠷᠣᠨ ᠤ ᠬᠢᠯᠢ ᠬᠢᠵᠠᠭᠠᠷ᠂ ᠨᠤᠲᠤᠭ ᠳᠡᠪᠢᠰᠬᠡᠷ ᠳᠡᠭᠡᠷ᠎ᠡ ᠣᠷᠣᠰᠢᠨ ᠰᠠᠭᠤᠭ᠎ᠠ ᠪᠦᠬᠦ ᠬᠦᠮᠦᠰ ᠢ ᠵᠠᠬᠢᠷᠬᠤ ᠵᠣᠬᠢᠴᠠᠭᠤᠯᠬᠤ ᠡᠷᠬᠡ ᠶᠢ ᠡᠳ᠋ᠯᠡᠨ᠎ᠡ᠃

3. ᠲᠥᠷᠥ ᠠᠯᠪᠠᠳᠠᠯᠭ᠎ᠠ ᠶᠢᠨ ᠣᠨᠴᠠᠭᠠᠢ ᠬᠡᠯᠪᠡᠷᠢ᠃ ᠤᠯᠤᠰ ᠣᠷᠣᠨ ᠤ ᠪᠦᠬᠦ ᠪᠠᠶᠢᠭ ᠳᠠ ᠠᠴᠠ ᠲᠥᠷᠥ ᠠᠯᠪᠠᠨ ᠶᠣᠰᠣᠭᠠᠷ ᠠᠯᠪᠠᠳᠠᠯᠭ᠎ᠠ ᠬᠡᠷᠡᠭᠯᠡᠬᠦ ᠡᠷᠬᠡ ᠲᠡᠢ᠃ ᠡᠶᠢᠮᠦ ᠡᠴᠡ ᠠᠯᠪᠠᠳᠠᠯᠭ᠎ᠠ ᠶᠢᠨ ᠲᠤᠰᠬᠠᠢ ᠠᠫᠫᠠᠷᠠᠲ ᠲᠠᠢ᠃

4. ᠲᠥᠷᠥ ᠨᠢ ᠪᠡᠶ᠎ᠡ ᠳᠠᠭᠠᠭᠰᠠᠨ᠂ ᠪᠦᠷᠢᠨ ᠡᠷᠬᠡᠲᠦ ᠲᠤᠰᠠᠭᠠᠷ ᠪᠠᠶᠢᠭᠤᠯᠤᠯᠭ᠎ᠠ᠃

ᠲᠥᠷᠥ ᠶᠢᠨ ᠰᠠᠯᠤᠰᠢ ᠦᠭᠡᠢ ᠰᠢᠨᠵᠢ ᠴᠢᠨᠠᠷ: ᠭᠠᠵᠠᠷ ᠨᠤᠲᠤᠭ᠂ ᠬᠦᠮᠦᠨ ᠠᠮᠠ᠂ ᠨᠡᠶᠢᠲᠡᠯᠢᠭ ᠵᠠᠰᠠᠭᠯᠠᠯ᠃ ᠲᠥᠷᠥ ᠶᠢᠨ ᠨᠡᠶᠢᠲᠡᠯᠢᠭ ᠡᠭᠦᠷᠭᠡ:

  • ᠲᠤᠬᠠᠢ ᠶᠢᠨ ᠤᠯᠤᠰ ᠣᠷᠣᠨ ᠤ ᠲᠤᠰᠠᠭᠠᠷ ᠲᠣᠭᠲᠠᠨᠢᠯ᠂ ᠠᠶᠤᠯ ᠦᠭᠡᠢ ᠪᠠᠶᠢᠳᠠᠯ ᠢ ᠬᠠᠩᠭᠠᠬᠤ ᠡᠭᠦᠷᠭᠡ ᠬᠦᠯᠢᠶᠡᠨ᠎ᠡ
  • ᠲᠥᠷᠥ ᠥᠪᠡᠷ ᠦᠨ ᠪᠠᠲᠤᠯᠠᠭᠰᠠᠨ ᠬᠠᠤᠯᠢ ᠡᠷᠬᠡᠵᠦᠢ ᠶᠢᠨ ᠬᠡᠮ ᠬᠡᠮᠵᠢᠶᠡᠨ ᠳᠦ ᠪᠣᠯᠤᠨ ᠲᠡᠭᠦᠪᠡᠷ ᠳᠡᠮᠵᠢᠭᠳᠡᠭᠰᠡᠨ ᠶᠣᠰᠣ ᠰᠤᠷᠲᠠᠬᠤᠨ ᠤ ᠬᠡᠮ ᠬᠡᠮᠵᠢᠶᠡᠨ ᠳᠦ ᠲᠤᠯᠭᠠᠭᠤᠷᠢᠯᠠᠨ ᠨᠡᠶᠢᠭᠡᠮ ᠤᠨ ᠬᠡᠪ ᠶᠣᠰᠣ ᠶᠢ ᠰᠠᠬᠢᠩ ᠬᠠᠮᠠᠭᠠᠯᠠᠬᠤ ᠡᠭᠦᠷᠭᠡ ᠲᠡᠢ
  • ᠤᠯᠤᠰ ᠣᠷᠣᠨ ᠤ ᠢᠷᠡᠭᠡᠳᠦᠢ ᠶᠢᠨ ᠵᠣᠷᠢᠯᠭ᠎ᠠ ᠶᠢ ᠳᠡᠪᠰᠢᠭᠦᠯᠵᠦ᠂ ᠬᠥᠭᠵᠢᠯ ᠢ ᠬᠠᠩᠭᠠᠬᠤ ᠡᠭᠦᠷᠭᠡ ᠲᠡᠢ
  • ᠲᠥᠷᠦ ᠢᠷᠭᠡᠳ ᠦᠨ ᠢᠶᠡᠨ ᠠᠰᠢᠭ ᠰᠣᠨᠢᠷᠬᠠᠯ᠂ ᠡᠷᠬᠡ ᠠᠰᠢᠭ ᠢ ᠬᠦᠯᠢᠶᠡᠨ ᠠᠪᠴᠤ ᠬᠡᠷᠡᠭᠵᠢᠭᠦᠯᠬᠦ ᠡᠭᠦᠷᠭᠡ ᠲᠡᠢ
  • ᠪᠤᠰᠤᠳ ᠤᠯᠤᠰ ᠣᠷᠣᠨ ᠲᠠᠢ ᠬᠠᠮᠲᠤ ᠶᠢᠨ ᠠᠵᠢᠯᠯᠠᠭ᠎ᠠ ᠶᠢ ᠪᠠᠨ ᠬᠥᠭᠵᠢᠭᠦᠯᠵᠦ ᠪᠡᠬᠢᠵᠢᠭᠦᠯᠬᠦ ᠡᠭᠦᠷᠭᠡ ᠲᠡᠢ᠃

ᠲᠥᠷᠦ ᠶᠢ ᠤᠯᠤᠰ ᠲᠥᠷᠦ ᠶᠢᠨ ᠳᠢᠭᠯᠢᠮ ᠢᠶᠡᠷ ᠨᠢ ᠠᠷᠠᠳᠴᠢᠯᠠᠭᠰᠠᠨ᠂ ᠠᠪᠲᠤᠷᠢᠲ᠋ᠠᠷ᠂ ᠲᠣᠲ᠋ᠠᠯᠢᠲ᠋ᠠᠷ ᠭᠡᠵᠦ ᠠᠩᠭᠢᠯᠠᠨ᠎ᠠ᠃

http://wiki.uhaan.com/index.php?title=ᠲᠥᠷᠥ&oldid=392434》 ᠍  ᠡᠴᠡ ᠠᠪᠤᠭᠰᠠᠨ

ᠪᠢᠴᠢᠭᠡᠰᠦ