ᠳ᠋ᠢᠫᠯᠣᠮᠠᠲ ᠶᠣᠰᠣ
ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠳ᠋ᠢᠫᠯᠣᠮᠠᠲ (ᠠᠩᠭᠯᠢ ᠪᠠᠷ diplomacy) – ᠲᠥᠷᠦ ᠶᠢᠨ ᠭᠠᠳᠠᠭᠠᠳᠤ ᠪᠣᠳᠣᠯᠭ᠎ᠠ ᠶᠢᠨ ᠵᠣᠷᠢᠯᠭ᠎ᠠ᠂ ᠵᠣᠷᠢᠯᠲᠠ ᠶᠢ ᠬᠡᠷᠡᠭᠵᠢᠭᠦᠯᠬᠦ᠂ ᠤᠯᠤᠰ ᠣᠷᠣᠨ ᠤ ᠡᠷᠬᠡ ᠠᠰᠢᠭ ᠢ ᠬᠢᠯᠢ ᠶᠢᠨ ᠴᠢᠨᠠᠳᠤ ᠳᠤ ᠬᠠᠩᠭᠠᠬᠤ ᠵᠣᠷᠢᠯᠭ᠎ᠠ ᠪᠠᠷ ᠲᠥᠷᠦ ᠶᠢᠨ ᠲᠡᠷᠢᠭᠦᠨ᠂ ᠵᠠᠰᠠᠭ ᠤᠨ ᠭᠠᠵᠠᠷ ᠪᠣᠯᠤᠨ ᠭᠠᠳᠠᠭᠠᠳᠤ ᠬᠠᠷᠢᠯᠴᠠᠭᠠᠨ ᠤ ᠪᠠᠶᠢᠭᠤᠯᠤᠯᠭ᠎ᠠ ᠶᠢᠨ ᠠᠯᠪᠠᠨ ᠶᠣᠰᠣᠨ ᠤ ᠦᠢᠯᠡ ᠠᠵᠢᠯᠯᠠᠭ᠎ᠠ᠃ ᠳ᠋ᠢᠫᠯᠣᠮᠠᠲ ᠨᠢ ᠭᠡᠷ᠎ᠡ ᠬᠡᠯᠡᠯᠴᠡᠭᠡᠷ᠂ ᠠᠶᠢᠯᠴᠢᠯᠠᠯ᠂ ᠠᠯᠪᠠᠨ ᠶᠣᠰᠣᠨ ᠤ ᠪᠠᠭ᠎ᠠ ᠬᠤᠷᠠᠯ᠂ ᠵᠥᠪᠯᠡᠯᠭᠡᠨ᠂ ᠠᠭᠤᠯᠵᠠᠯᠲᠠ ᠲᠡᠷᠡᠴᠢᠯᠡᠨ ᠬᠣᠶᠠᠷ ᠲᠠᠯ᠎ᠠ ᠶᠢᠨ ᠪᠣᠯᠤᠨ ᠣᠯᠠᠨ ᠲᠠᠯ᠎ᠠ ᠶᠢᠨ ᠭᠡᠷ᠎ᠡ ᠬᠡᠯᠡᠯᠴᠡᠭᠡᠷ ᠲᠦ ᠪᠡᠯᠡᠳᠬᠡᠬᠦ᠂ ᠪᠠᠶᠢᠭᠤᠯᠬᠤ᠂ ᠳ᠋ᠢᠫᠯᠣᠮᠠᠲ ᠬᠠᠷᠢᠯᠴᠠᠭ᠎ᠠ ᠲᠣᠭᠲᠠᠭᠠᠬᠤ᠂ ᠣᠯᠠᠨ ᠤᠯᠤᠰ ᠤᠨ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠳᠤ ᠣᠷᠣᠯᠴᠠᠬᠤ ᠵᠡᠷᠭᠡ ᠬᠡᠯᠪᠡᠷᠢ ᠪᠡᠷ ᠬᠡᠷᠡᠭᠵᠢᠳᠡᠭ ᠪᠠᠶᠢᠨ᠎ᠠ᠃