ᠳᠠᠰᠢ ᠶᠢᠨ ᠪᠢᠮᠪᠠᠰᠦ᠋ᠷᠦᠩ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠳᠠᠰᠢ ᠶᠢᠨ ᠪᠢᠮᠪᠠᠰᠦ᠋ᠷᠦᠩ (1942 ᠣᠨ ᠤ 6 ᠰᠠᠷ᠎ᠠ ᠶᠢᠨ 20 - ) ᠨᠢ ᠠᠷᠠᠳᠴᠢᠯᠠᠭᠰᠠᠨ ᠠᠷᠭ᠎ᠠ ᠪᠠᠷ ᠰᠣᠩᠭᠣᠭᠳᠠᠭᠰᠠᠨ ᠠᠩᠬᠠᠨ ᠤ ᠶᠡᠷᠦᠩᠬᠡᠢ ᠰᠠᠶᠢᠳ ᠪᠠᠶᠢᠪᠠ᠃ ᠪᠤᠷᠢᠶᠠᠳ ᠭᠠᠷᠤᠯ ᠲᠠᠢ ᠪᠥᠭᠡᠳ ᠡᠬᠡᠨᠡᠷ 6 ᠬᠡᠦᠬᠡᠳ ᠲᠡᠢ᠃

ᠨᠠᠮᠲᠠᠷ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠰᠢ ᠶᠢᠨ ᠪᠢᠮᠪᠠᠰᠦ᠋ᠷᠦᠩ ᠨᠢ 1942 ᠣᠨ ᠤ 6 ᠰᠠᠷ᠎ᠠ ᠶᠢᠨ 20 ᠍ ᠍ ᠍ ᠳᠦ ᠬᠡᠨᠲᠡᠢ ᠠᠶᠢᠮᠠᠭ ᠤᠨ ᠪᠢᠨᠳᠦᠷ ᠰᠤᠮᠤᠠᠨᠳᠠ ᠲᠥᠷᠦᠵᠢᠭᠡ᠃ ᠡᠳ᠋ ᠍ ᠍ ᠍ ᠦᠨ ᠵᠠᠰᠠᠭ ᠤᠨ ᠤᠬᠠᠭᠠᠨ ᠤ ᠳ᠋ᠣᠺᠲ᠋ᠣᠷ ᠪᠥᠭᠡᠳ ᠪᠦᠷᠢᠳᠭᠡᠯ ᠤᠨ ᠬᠣᠷᠢᠶ᠎ᠠ ᠤᠯᠤᠰ ᠤᠨ ᠦᠨ᠎ᠡ ᠶᠢᠨ ᠬᠣᠷᠢᠶ᠎ᠠ ᠦᠨ᠎ᠡ ᠰᠲ᠋ᠠᠨᠳᠠᠷᠲ ᠤᠨ ᠤᠯᠤᠰ ᠤᠨ ᠬᠣᠷᠢᠶ᠎ᠠ ᠠᠦ᠋ᠲ᠋ᠣ᠋ ᠲᠡᠭᠡᠭᠡᠪᠦᠷᠢ ᠶᠢᠨ ᠪᠠᠷᠢᠯᠭ᠎ᠠ ᠤᠭᠰᠠᠷᠠᠯᠲᠠ ᠶᠢᠨ ᠵᠠᠰᠠᠪᠤᠷᠢ ᠶᠢᠨ ᠲᠷᠧᠰᠲ᠂ ШУТ ᠍ ᠍ ᠍ ᠶᠢᠨ ᠤᠯᠤᠰ ᠤᠨ ᠬᠣᠷᠢᠶᠠᠨ ᠤ ᠬᠠᠷᠢᠶ᠎ᠠ ᠡᠷᠳᠡᠮ ᠰᠢᠨᠵᠢᠯᠡᠭᠡᠨ ᠦ ᠲᠥᠪ ᠲᠦ ᠲᠤᠰ ᠲᠤᠰ ᠠᠵᠢᠯᠯᠠᠵᠤ ᠪᠠᠶᠢᠪᠠ᠃

1989 ᠣᠨ ᠳᠤ ᠰᠠᠶᠢᠳ ᠨᠠᠷ ᠤᠨ ᠵᠥᠪᠯᠡᠯᠡᠶᠢᠨ ᠣᠷᠣᠯᠠᠭᠴᠢ ᠳᠠᠷᠤᠭ᠎ᠠ ᠪᠠᠷ ᠠᠵᠢᠯᠯᠠᠵᠤ ᠪᠠᠶᠢᠭᠰᠠᠨ ᠪᠠ 1990 ᠣᠨ ᠤ ᠠᠷᠠᠳᠴᠢᠯᠠᠭᠰᠠᠨ ᠰᠣᠩᠭᠣᠭᠤᠯᠢ ᠶᠢᠨ ᠳᠠᠷᠠᠭ᠎ᠠ 9 ᠰᠠᠷ᠎ᠠ ᠶᠢᠨ 10 ᠍ ᠍ ᠍ ᠳᠦ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠵᠠᠰᠠᠭ ᠤᠨ ᠭᠠᠵᠠᠷ ᠤᠨ ᠰᠡᠭᠦᠯᠴᠢ ᠶᠢᠨ ᠶᠡᠷᠦᠩᠬᠡᠢ ᠰᠠᠶᠢᠳ ᠢᠶᠠᠷ ᠲᠣᠮᠢᠯᠠᠭᠳᠠᠭᠰᠠᠨ᠃ ᠲᠡᠭᠦᠨ ᠦ ᠵᠠᠰᠠᠭ ᠤᠨ ᠭᠠᠵᠠᠷ ᠢ ᠰᠢᠨᠡᠴᠢᠯᠡᠭᠴᠢ ᠬᠠᠨᠳᠤᠯᠭ᠎ᠠ ᠲᠠᠢ ᠭᠡᠵᠦ ᠦᠵᠡᠳᠡᠭ ᠪᠠᠶᠢᠭᠰᠠᠨ ᠴᠤ ᠣᠯᠠᠨ ᠭᠡᠰᠢᠭᠦᠳ ᠨᠢ ᠤᠯᠤᠰ ᠤᠨ ᠪᠠᠶᠢᠳᠠᠯ ᠳᠤ ᠨᠡᠶᠢᠴᠡᠭᠦᠯᠵᠦ ᠥᠪᠡᠷᠰᠡᠳ ᠦᠨ ᠪᠠᠶᠢᠷᠢ ᠰᠠᠭᠤᠷᠢ ᠪᠠᠨ ᠥᠭᠡᠷᠡᠴᠢᠯᠡᠭᠰᠡᠨ ᠬᠠᠭᠤᠴᠢᠨ ᠺᠣᠮᠮᠤᠨᠢᠰᠲ᠋ᠤᠤᠳ ᠪᠠᠶᠢᠭᠰᠠᠨ ᠲᠤᠯᠠ ᠲᠧᠭᠨᠣᠺᠷᠠᠲ ᠭᠡᠵᠦ ᠮᠥᠨ ᠦᠵᠡᠳᠡᠭ ᠪᠠᠶᠢᠴᠠᠢ᠃

1992 ᠣᠨ ᠳᠤ ᠫᠦᠨᠴᠠᠭ ᠤᠨ ᠵᠠᠰᠠᠷᠠᠢ ᠲᠡᠭᠦᠨ ᠢ ᠵᠠᠯᠭᠠᠮᠵᠢᠯᠠᠵᠠᠢ᠃ ᠪᠢᠮᠪᠠᠰᠦ᠋ᠷᠦᠩ ᠨᠢ ᠮᠣᠩᠭᠣᠯ ᠤᠨ ᠭᠠᠳᠠᠭᠠᠳᠤ ᠬᠠᠷᠢᠯᠴᠠᠭ᠎ᠠ ᠶᠢ ᠬᠥᠭᠵᠢᠭᠦᠯᠬᠦ ᠳᠤ ᠶᠡᠬᠡᠬᠡᠨ ᠬᠤᠪᠢ ᠨᠡᠮᠡᠷᠢ ᠣᠷᠣᠭᠤᠯᠤᠭᠰᠠᠨ ᠪᠠ ᠶᠠᠫᠣᠨ ᠤᠯᠤᠰ ᠲᠠᠢ ᠨᠠᠷᠢᠨ ᠬᠠᠮᠲᠤ ᠠᠵᠢᠯᠯᠠᠭᠰᠠᠨ ᠤ ᠦᠷ᠎ᠡ ᠳ᠋ᠦᠩ ᠳᠦ ᠶᠠᠫᠣᠨ ᠪᠣᠯᠤᠨ ᠳᠡᠯᠡᠬᠡᠢ ᠶᠢᠨ ᠪᠠᠩᠬᠢ ᠨᠡᠶᠢᠲᠡ $320 ᠰᠠᠶ᠋ᠢ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠶᠢ ᠮᠣᠩᠭᠣᠯ ᠤᠯᠤᠰ ᠲᠤ ᠥᠭᠬᠦ ᠪᠡᠷ ᠪᠣᠯᠵᠠᠢ᠃ 1992 ᠣᠨ ᠤ 10 ᠰᠠᠷ᠎ᠠ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠠᠴᠠ ᠭᠠᠷᠴᠤ 1994 ᠣᠨ ᠳᠤ ᠮᠣᠩᠭᠣᠯ ᠤᠨ ᠠᠷᠠᠳᠴᠢᠯᠠᠭᠰᠠᠨ ᠰᠡᠷᠭᠦᠨ ᠮᠠᠨᠳᠤᠯ ᠤᠨ ᠨᠠᠮ ᠍ ᠍ ᠍ ᠢ ᠪᠠᠶᠢᠭᠤᠯᠤᠭᠰᠠᠨ ᠪᠣᠯᠪᠠᠴᠤ ᠬᠣᠵᠢᠮ ᠨᠢ ᠨᠠᠮᠠᠭ᠎ᠠ ᠠᠷᠠᠳᠴᠢᠯᠠᠭᠰᠠᠨ ᠨᠠᠮᠲᠠᠢ ᠨᠢᠭᠡᠳᠬᠡᠵᠡᠢ᠃

ᠮᠣᠩᠭᠣᠯ ᠣᠷᠣᠨ ᠰᠣᠴᠢᠶᠠᠯᠢᠮ ᠠᠴᠠ ᠵᠠᠬ᠎ᠠ ᠵᠡᠭᠡᠯᠢ ᠶᠢᠨ ᠡᠳ᠋ ᠍ ᠍ ᠍ ᠦᠨ ᠵᠠᠰᠠᠭ ᠲᠤ ᠰᠢᠯᠵᠢᠬᠦ ᠬᠠᠮᠤᠭ ᠤᠨ ᠡᠭᠡᠵᠢᠭᠲᠡᠢ ᠬᠦᠨᠳᠦ ᠨᠥᠬᠥᠴᠡᠯ ᠳᠦ ᠲᠡᠷᠡ ᠪᠡᠷ ᠣᠯᠠᠨ ᠨᠠᠮ ᠤᠨ 《ᠡᠪᠰᠡᠯ ᠦᠨ ᠵᠠᠰᠠᠭ ᠤᠨ ᠭᠠᠵᠠᠷ》 ᠍ ᠍ ᠍ ᠢ ᠡᠮᠬᠢᠯᠡᠨ ᠲᠣᠯᠣᠭᠠᠶᠢᠯᠠᠵᠤ ᠪᠠᠶᠢᠪᠠ᠃

ᠰᠡᠭᠦᠯ ᠦᠨ ᠵᠢᠯ ᠤᠨᠳ ᠲᠤ ᠪᠢᠮᠪᠠᠰᠦ᠋ᠷᠦᠩ ᠨᠢ ᠴᠢᠩᠭᠢᠰ ᠬᠠᠭᠠᠨᠢ ᠪᠤᠯᠠᠰᠢ ᠶᠢ ᠡᠷᠢᠭᠴᠢ ᠠᠷᠬᠧᠣᠯᠣᠭᠢᠴᠢ ᠳᠤ ᠤᠨ ᠡᠰᠡᠷᠬᠦ ᠠᠶᠠᠨ ᠢ ᠲᠣᠯᠣᠭᠠᠶᠢᠯᠠᠬᠤ ᠪᠣᠯᠵᠠᠢ᠃ ᠲᠡᠷᠡᠪᠡᠷ ᠨᠠᠨᠳᠢᠨ ᠠᠷᠢᠭᠤᠨ ᠭᠠᠵᠠᠷ ᠢ ᠤᠬᠤᠵᠤ ᠪᠤᠵᠠᠷᠯᠠᠭᠰᠠᠨ ᠶᠠᠪᠤᠳᠠᠯ ᠪᠠ ᠬᠤᠪᠢ ᠤᠨ ᠬᠥᠷᠥᠩᠭᠡ ᠣᠷᠣᠭᠤᠯᠤᠭᠴᠢᠳ ᠤᠨ ᠡᠰᠡᠷᠬᠦ ᠪᠠᠶᠢᠨ᠎ᠠ᠃

ᠳᠠᠰᠢ ᠶᠢᠨ ᠪᠢᠮᠪᠠᠰᠦ᠋ᠷᠦᠩ ᠨᠢ ᠮᠣᠩᠭᠣᠯ ᠤᠯᠤᠰ ᠤᠨ ᠤᠳᠤᠷᠢᠳᠤᠯᠭ᠎ᠠ ᠶᠢᠨ ᠠᠺᠠᠳᠧᠮᠢ ᠪᠠ ᠬᠠᠨ ᠠᠭᠤᠯᠠ ᠳᠡᠭᠡᠳᠦ ᠰᠤᠷᠭᠠᠭᠤᠯᠢ ᠳᠤ ᠪᠠᠭᠰᠢ ᠪᠠᠷ᠂ ᠮᠣᠩᠭᠣᠯ ᠤᠨ ᠬᠥᠭᠵᠢᠯ ᠦᠨ ᠰᠠᠨᠭᠡᠶᠢᠨ ᠶᠡᠷᠦᠩᠬᠡᠶᠢᠯᠡᠭᠴᠢ ᠪᠡᠷ ᠠᠵᠢᠯᠯᠠᠵᠤ ᠪᠠᠶᠢᠪᠠ᠃ ᠮᠥᠨ 2002 ᠣᠨ ᠤ ᠳᠡᠯᠡᠬᠡᠢ ᠶᠢᠨ ᠠᠭᠤᠯᠵᠠᠯᠲᠠ ᠳᠤ (ᠲᠣᠭᠲᠠᠪᠤᠷᠢᠲᠠᠢ ᠬᠥᠭᠵᠢᠯ ᠦᠨ ᠳᠡᠯᠡᠬᠡᠢ ᠶᠢᠨ ᠠᠭᠤᠯᠵᠠᠯᠲᠠ) ᠣᠷᠣᠯᠴᠠᠵᠠᠢ᠃

ᠡᠮᠦᠨᠡᠬᠢ
ᠰᠢᠷᠠᠪ ᠤᠨ ᠭᠦᠩᠭᠠᠳᠣᠷᠵᠢ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠫᠦᠨᠴᠠᠭ ᠤᠨ ᠵᠠᠰᠠᠷᠠᠢ

ᠪᠢᠴᠢᠭᠡᠰᠦ