ᠳᠠᠶᠠᠭᠠᠷ ᠮᠣᠩᠭᠣᠯ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠳᠠᠶᠠᠭᠠᠷ ᠮᠣᠩᠭᠣᠯ ᠪᠤᠶᠤ ᠮᠣᠩᠭᠣᠯ ᠨᠤᠲᠤᠭ ᠨᠢ ᠮᠣᠩᠭᠣᠯ ᠦᠨᠳᠦᠰᠦᠲᠡᠨ ᠦ ᠨᠤᠲᠤᠭᠯᠠᠨ ᠰᠠᠭᠤᠵᠤ ᠪᠤᠢ ᠭᠠᠵᠠᠷ ᠨᠤᠲᠤᠭ ᠶᠤᠮ᠃ ᠡᠭᠦᠨ ᠳᠦ ᠣᠳᠣ ᠶᠢᠨ ᠵᠠᠰᠠᠭ ᠵᠠᠬᠢᠷᠭᠠᠨ ᠤ ᠬᠤᠪᠢᠶᠠᠷᠢ ᠪᠠᠷ ᠮᠣᠩᠭᠣᠯ ᠤᠯᠤᠰ ᠍ ᠤᠨ ᠪᠦᠬᠦᠯᠢ ᠨᠤᠲᠤᠭ ᠳᠡᠪᠢᠰᠬᠡᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠳᠣᠲᠣᠷᠠᠬᠢ ᠮᠣᠩᠭᠣᠯᠴᠤᠳ ᠤᠨ ᠲᠥᠪᠯᠡᠷᠡᠨ ᠰᠠᠭᠤᠵᠤ ᠪᠠᠶᠢᠭ᠎ᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠣᠯᠤᠨ ᠪᠤᠰᠤᠳ ᠮᠤᠵᠢ ᠥᠪᠡᠷᠲᠡᠭᠡᠨ ᠵᠠᠰᠠᠬᠤ ᠣᠷᠣᠨ ᠳᠣᠲᠣᠷᠠᠬᠢ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠠᠶᠢᠮᠠᠭ᠂ ᠬᠣᠰᠢᠭᠤᠨ ᠤ ᠨᠤᠲᠤᠭ ᠪᠠᠭᠠᠳᠤᠨ᠎ᠠ᠃ ᠮᠥᠨ ᠣᠷᠣᠰ ᠤᠨ ᠬᠣᠯᠪᠣᠭᠠᠨ ᠤ ᠤᠯᠤᠰ ᠍ ᠤᠨ ᠪᠤᠷᠢᠶᠠᠳᠬᠠᠯᠢᠮᠠᠭ ᠦᠳ ᠤᠨ ᠰᠠᠭᠤᠵᠤ ᠪᠠᠶᠢᠭ᠎ᠠ ᠪᠦᠭᠦᠳᠡ ᠨᠠᠶᠢᠷᠠᠮᠳᠠᠬᠤ ᠪᠤᠷᠢᠶᠠᠳ ᠤᠯᠤᠰᠪᠦᠭᠦᠳᠡ ᠨᠠᠶᠢᠷᠠᠮᠳᠠᠬᠤ ᠬᠠᠯᠢᠮᠠᠭ ᠤᠯᠤᠰ ᠪᠣᠯᠤᠨ ᠪᠤᠰᠤᠳ ᠠᠶᠢᠮᠠᠭ᠂ ᠲᠣᠭᠣᠷᠢᠭ ᠵᠡᠷᠭᠡ ᠭᠠᠵᠠᠷ ᠨᠤᠲᠤᠭ ᠪᠠᠭᠠᠳᠤᠨ᠎ᠠ᠃ ᠮᠣᠩᠭᠣᠯ ᠤᠨ ᠲᠡᠦᠬᠡᠨ ᠨᠤᠲᠤᠭ ᠨᠢ ᠲᠠᠪᠤᠨ ᠰᠠᠶ᠎ᠠ km 2 ᠭᠠᠷᠤᠢ ᠭᠠᠵᠠᠷ ᠢ ᠬᠠᠮᠤᠷᠳᠠᠭ᠃

ᠳᠠᠶᠠᠭᠠᠷ ᠮᠣᠩᠭᠣᠯ ᠤᠨ ᠬᠦᠮᠦᠨ ᠠᠮᠠ ᠤᠯᠠᠮᠵᠢᠯᠠᠯᠲᠤ ᠰᠤᠶᠤᠯ ᠢᠶᠠᠷ ᠢᠶᠠᠨ ᠲᠣᠳᠣᠷᠬᠠᠢ ᠲᠦᠪᠰᠢᠨ ᠳᠦ ᠨᠡᠶᠢᠲᠡᠯᠢᠭ᠂ ᠮᠣᠩᠭᠣᠯ ᠬᠡᠯᠡᠨ ᠦ ᠪᠦᠯᠦᠭ ᠦᠨ ᠬᠡᠯᠡ᠂ ᠠᠶᠠᠯᠭᠤᠨ ᠨᠤᠭᠤᠳ ᠢᠶᠠᠷ ᠶᠠᠷᠢᠯᠴᠠᠨ᠎ᠠ᠃ ᠡᠳᠦᠭᠡ ᠮᠣᠩᠭᠣᠯ ᠤᠯᠤᠰ ᠠᠴᠠ ᠪᠤᠰᠤᠳ ᠶᠡᠬᠡᠩᠬᠢ ᠨᠤᠲᠤᠭ ᠭᠠᠵᠠᠷ ᠲᠤ ᠠᠭᠤᠭᠤᠯ ᠮᠣᠩᠭᠣᠯ ᠤᠭᠰᠠᠭᠠᠲᠠᠨ ᠡᠬᠡ ᠨᠤᠲᠤᠭ ᠲᠤ ᠪᠠᠨ ᠦᠨᠳᠦᠰᠦᠨ ᠦ ᠴᠥᠭᠡᠩᠬᠢ ᠪᠣᠯᠤᠭᠰᠠᠨ ᠪᠠᠶᠢᠨ᠎ᠠ᠃

ᠭᠠᠵᠠᠷ ᠤᠨ ᠵᠢᠷᠤᠭ ᠲᠤ ᠮᠣᠩᠭᠣᠯ ᠤᠭᠰᠠᠭᠠᠲᠠᠨ ᠬᠠᠷᠢᠴᠠᠩᠭᠤᠢ ᠨᠢᠭᠲᠠᠴᠠ ᠰᠠᠭᠤᠭᠰᠠᠨ ᠨᠤᠲᠤᠭ ᠳᠡᠪᠢᠰᠬᠡᠷ ᠢ ᠤᠯᠠᠭᠠᠨ ᠢᠶᠠᠷ ᠪᠤᠳᠤᠵᠤ᠂ ᠶᠠᠭᠠᠨ ᠵᠢᠷᠤᠭᠠᠰᠤ ᠪᠠᠷ ᠶᠡᠬᠡ ᠮᠣᠩᠭᠣᠯ ᠤᠨ ᠡᠵᠡᠨᠲᠦ ᠭᠦᠷᠦᠨ ᠦ ᠪᠠᠶᠢᠯᠳᠤᠨ ᠳᠠᠭᠠᠭᠤᠯᠤᠯ ᠤᠨ ᠣᠷᠭᠢᠯ ᠦᠶ᠎ᠡ ᠶᠢᠨ ᠬᠢᠯᠢ ᠬᠢᠵᠠᠭᠠᠷ ᠢ ᠬᠠᠷᠠᠭᠤᠯᠤᠯ᠎ᠠ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠨᠤᠲᠤᠭ ᠲᠤ ᠾᠦᠩᠨᠦᠳᠤᠩᠬᠤ ᠠᠶᠢᠮᠠᠭ ᠠᠴᠠ ᠭᠠᠷᠤᠯᠲᠠᠢ ᠮᠣᠩᠭᠣᠯ ᠤᠭᠰᠠᠭᠠᠨ ᠤ ᠠᠷᠠᠳ ᠲᠦᠮᠡᠨ᠂ ᠲᠤᠬᠠᠶᠢᠯᠠᠪᠠᠯ ᠰᠦᠮᠪᠦᠤᠬᠤ᠎ᠠ ᠶᠢᠨᠦᠨᠢᠷᠤᠨᠲᠣᠪᠠᠬᠢᠲᠠᠨ ᠨᠠᠷ ᠡᠷᠲᠡ ᠴᠠᠭ ᠲᠤ ᠣᠷᠣᠰᠢᠨ ᠰᠠᠭᠤᠵᠤ ᠪᠠᠶᠢᠴᠠᠢ᠃ ᠮᠣᠩᠭᠣᠯ ᠤᠭᠰᠠᠭᠠᠨ ᠤ ᠭᠡᠳᠡᠭ ᠨᠢ ᠨᠣᠲᠠᠯᠠᠭᠳᠠᠭᠰᠠᠨ ᠬᠠᠮᠤᠭ ᠤᠨ ᠡᠷᠲᠡᠨ ᠦ ᠠᠷᠠᠳ ᠲᠦᠮᠡᠨ ᠳᠤᠩᠬᠤ ᠠᠶᠢᠮᠠᠭ ᠨᠢ ᠠᠩᠬ᠎ᠠ ᠮᠠᠨ ᠤ ᠡᠷᠡᠨ ᠦ ᠡᠮᠦᠨ᠎ᠡ 699-632 ᠣᠨ ᠤ ᠦᠶ᠎ᠡ ᠳᠦ ᠰ ᠤᠮᠠ ᠴᠢᠶᠠᠨᠢᠢ "ᠲᠡᠦᠬᠡ ᠶᠢᠨ ᠲᠡᠮᠳᠡᠭᠯᠡᠯ ᠳᠦ" ᠪᠢᠴᠢᠭᠳᠡᠭᠰᠡᠨ ᠪᠠᠶᠢᠳᠠᠭ᠃ ᠲᠦᠷᠦᠭᠡᠶᠢᠨ ᠬᠠᠭᠠᠨᠲᠤ ᠤᠯᠤᠰ (555-745), ᠤᠶᠢᠭᠤᠷ ᠤᠨ ᠬᠠᠭᠠᠨᠲᠤ ᠤᠯᠤᠰ (745-840), ᠬᠢᠷᠭᠢᠰ ᠨᠠᠷ ᠤᠨ ᠨᠣᠶᠠᠷᠬᠠᠯ ᠤᠨ (840-907) ᠦᠶ᠎ᠡ ᠳᠦ ᠮᠣᠩᠭᠣᠯᠴᠤᠳ ᠵᠡᠭᠦᠨ ᠲᠡᠰᠢ ᠰᠢᠬᠠᠭᠳᠠᠨ ᠰᠠᠭᠤᠬᠤ ᠪᠣᠯᠤᠭᠰᠠᠨ ᠪᠠ ᠲᠦᠷᠦᠭ ᠦᠨ ᠬᠠᠭᠠᠨᠲᠤ ᠤᠯᠤᠰ ᠤᠨᠠᠭᠰᠠᠨ ᠤ ᠳᠠᠷᠠᠭ᠎ᠠ 8 ᠍ ᠳᠦᠭᠡᠷ ᠵᠠᠭᠤᠨ ᠠᠴᠠ ᠡᠬᠢᠯᠡᠨ ᠠᠭᠠᠵᠢᠮ ᠠᠭᠠᠵᠢᠮ ᠢᠶᠠᠷ ᠨᠤᠲᠤᠭ ᠲᠤ ᠪᠠᠨ ᠡᠷᠭᠢᠨ ᠢᠷᠡᠬᠦ ᠪᠣᠯᠤᠭᠰᠠᠨ ᠭᠡᠵᠦ ᠮᠣᠩᠭᠣᠯ ᠤᠨ ᠲᠡᠦᠬᠡᠴᠢᠳ ᠦᠵᠡᠳᠡᠭ᠃ ᠬᠢᠲᠠᠨ ᠨᠠᠷ 907 ᠣᠨ ᠳᠤ ᠯᠢᠶᠣᠣ ᠤᠯᠤᠰ ᠍ ᠢ ᠪᠠᠶᠢᠭᠤᠯᠤᠭᠰᠠᠨ ᠠᠴᠠ ᠬᠣᠶᠢᠰᠢ ᠳᠠᠶᠠᠭᠠᠷ ᠮᠣᠩᠭᠣᠯ ᠨᠤᠲᠤᠭ᠂ ᠢᠯᠠᠩᠭᠤᠶ᠎ᠠ ᠮᠣᠩᠭᠣᠯ ᠤᠨ ᠥᠨᠳᠥᠷᠯᠢᠭ ᠲᠦ ᠮᠣᠩᠭᠣᠯ ᠤᠭᠰᠠᠭᠠᠲᠠᠨ ᠨᠤᠭᠤᠳ ᠵᠣᠩᠬᠢᠯᠠᠨ ᠠᠮᠢᠳᠤᠷᠠᠬᠤ ᠪᠣᠯᠤᠭᠰᠠᠨ ᠪᠠᠶᠢᠨ᠎ᠠ᠃ ᠮᠣᠩᠭᠣᠯ ᠠᠶᠢᠮᠠᠭ ᠤᠳ ᠮᠠᠨᠵᠤᠤᠷ ᠨᠤᠲᠤᠭ ᠲᠤ ᠲᠣᠭᠲᠠᠭᠰᠠᠨ ᠵᠢᠷᠦᠴᠢᠳ ᠦᠨ ᠠᠯᠲᠠᠨ ᠤᠯᠤᠰᠠ ᠠᠴᠠ ᠮᠣᠩᠭᠣᠯ ᠨᠤᠲᠤᠭ ᠲᠤ ᠨᠥᠯᠥᠭᠡᠯᠡᠯ ᠢᠶᠡᠨ ᠨᠡᠪᠲᠡᠷᠡᠭᠦᠯᠬᠦ ᠭᠡᠰᠡᠨ ᠣᠷᠣᠯᠳᠤᠯᠭ᠎ᠠ ᠶᠢᠨ ᠡᠰᠡᠷᠬᠦ ᠢᠳᠡᠪᠬᠢᠲᠡᠢ ᠲᠡᠮᠡᠴᠡᠵᠦ ᠪᠠᠶᠢᠪᠠ᠃ ᠢᠯᠠᠩᠭᠤᠶ᠎ᠠ ᠬᠠᠮᠤᠭ ᠮᠣᠩᠭᠣᠯ ᠠᠶᠢᠮᠠᠭ ᠤᠨ ᠬᠣᠯᠪᠣᠭ᠎ᠠ ᠡᠨᠡ ᠲᠡᠮᠡᠴᠡᠯ ᠢ ᠲᠡᠷᠢᠭᠦᠯᠡᠵᠦ ᠪᠠᠶᠢᠪᠠ᠃ ᠶᠡᠬᠡ ᠮᠣᠩᠭᠣᠯ ᠍ ᠤᠨ ᠡᠵᠡᠨ ᠳᠦ ᠭᠦᠷᠦᠨ ᠦ ᠦᠶ᠎ᠡ ᠳᠦ (1206-1368) ᠠᠭᠤᠭᠤᠯ ᠮᠣᠩᠭᠣᠯ ᠨᠤᠲᠤᠭ ᠬᠠᠭᠠᠳ ᠍ ᠤᠨ ᠭᠠᠯ ᠭᠣᠯᠣᠮᠲᠠ ᠬᠡᠮᠡᠨ ᠶᠡᠬᠡᠬᠡᠨ ᠠᠴᠢ ᠬᠣᠯᠪᠣᠭᠳᠠᠯ ᠲᠠᠢ ᠪᠣᠯᠤᠭᠰᠠᠨ ᠪᠠᠶᠢᠪᠠ᠃ ᠮᠣᠩᠭᠣᠯ ᠶᠡᠬᠡ ᠭᠦᠷᠦᠨ ᠵᠠᠳᠠᠷᠠᠭᠰᠠᠨ ᠤ ᠳᠠᠷᠠᠭ᠎ᠠ ᠮᠣᠩᠭᠣᠯᠴᠤᠳ ᠠᠭᠤᠭᠤᠯ ᠨᠤᠲᠤᠭ ᠢᠶᠠᠨ 1634 ᠣᠨ ᠳᠤ ᠯᠢᠭᠳᠡᠨ ᠬᠤᠲᠤᠭᠲᠤ ᠬᠠᠭᠠᠨ ᠍ ᠢ ᠨᠠᠰᠤ ᠪᠠᠷᠠᠬᠤ ᠬᠦᠷᠲᠡᠯ᠎ᠡ ᠵᠠᠬᠢᠷᠴᠢ ᠪᠠᠶᠢᠭᠰᠠᠨ ᠶᠤᠮ᠃ 14-15 ᠍ ᠳᠦᠭᠡᠷ ᠵᠠᠭᠤᠨ ᠳᠤ ᠮᠢᠩ ᠤᠯᠤᠰ ᠮᠣᠩᠭᠣᠯ ᠨᠤᠲᠤᠭ ᠲᠤ ᠤᠳᠠᠭ᠎ᠠ ᠳᠠᠷᠠᠭ᠎ᠠ ᠬᠠᠯᠠᠳᠠᠨ ᠳᠣᠪᠲᠣᠯᠤᠭᠰᠠᠨ ᠪᠣᠯᠪᠠᠴᠤ ᠡᠵᠡᠯᠡᠵᠦ ᠴᠢᠳᠠᠭ᠎ᠠ ᠦᠭᠡᠢ᠂ ᠮᠣᠩᠭᠣᠯ ᠴᠡᠷᠢᠭ ᠲᠤ ᠢᠯᠠᠭᠳᠠᠨ ᠬᠥᠭᠡᠭᠡᠭᠳᠡᠵᠦ ᠪᠠᠶᠢᠯ᠎ᠠ᠃ 1691 ᠣᠨ ᠳᠤ ᠬᠠᠯᠬ᠎ᠠ ᠍ ᠤᠨ ᠨᠣᠶᠠᠳ ᠣᠶᠢᠷᠠᠳᠲᠠᠢ ᠬᠢᠭᠰᠡᠨ ᠳᠠᠶᠢᠨ ᠳᠤ ᠢᠯᠠᠭᠳᠠᠭᠰᠠᠨ ᠤ ᠤᠯᠠᠮ ᠠᠴᠠ ᠮᠠᠨᠵᠤ ᠴᠢᠩ ᠤᠯᠤᠰ ᠲᠤ ᠳᠠᠭᠠᠷ᠎ᠠ ᠣᠷᠣᠭᠰᠠᠨ ᠶᠤᠮ᠃ ᠮᠠᠨᠵᠤ ᠴᠢᠩ ᠤᠯᠤᠰ ᠍ ᠤᠨ ᠨᠣᠶᠠᠷᠬᠠᠯ ᠤᠨ ᠦᠶ᠎ᠡ ᠳᠦ ᠴᠢᠩᠭᠢᠰᠡᠶᠢᠨ ᠤᠭᠰᠠᠭᠠᠨ ᠤ ᠨᠣᠶᠠᠳ ᠡᠬᠡ ᠨᠤᠲᠤᠭ ᠢᠶᠠᠨ ᠵᠠᠬᠢᠷᠴᠢ ᠪᠠᠶᠢᠪᠠ᠃ ᠵᠢᠱᠢᠶᠡᠯᠡᠪᠡᠯ ᠮᠣᠩᠭᠣᠯ ᠪᠠ ᠮᠠᠨᠵᠤ ᠢᠶᠠᠷ ᠰᠡᠶᠢᠯᠦᠭᠳᠡᠭᠰᠡᠨ ᠬᠠᠯᠬ᠎ᠠ ᠍ ᠤᠨ ᠲᠦᠰᠢᠶᠡᠲᠦ ᠬᠠᠨᠢ ᠲᠠᠮᠠᠭ᠎ᠠ 《ᠬᠠᠯᠬ᠎ᠠ ᠶᠢᠨ ᠸᠴᠢᠷᠪᠠᠲᠤ ᠲᠦᠰᠢᠶᠡᠲᠦ ᠬᠠᠨ ᠤ ᠲᠠᠮᠠᠭ᠎ᠠ》 ᠭᠡᠰᠡᠨ ᠪᠢᠴᠢᠭ ᠲᠡᠢ ᠪᠠᠶᠢᠳᠠᠭ᠃ ᠮᠣᠩᠭᠣᠯᠴᠤᠳ ᠤᠨ ᠦᠨᠳᠦᠰᠦᠨ ᠦ ᠤᠬᠠᠮᠰᠠᠷ 19 ᠍ ᠳᠦᠭᠡᠷ ᠵᠠᠭᠤᠨ ᠤ ᠰᠡᠭᠦᠯᠴᠢ ᠪᠡᠷ ᠰᠡᠷᠭᠦᠵᠦ ᠡᠬᠢᠯᠡᠪᠡ᠃ ᠢᠯᠠᠩᠭᠤᠶ᠎ᠠ ᠮᠠᠨᠵᠤ ᠶᠢᠨ 1900 ᠣᠨ ᠤ 《ᠰᠢᠨ᠎ᠡ ᠵᠠᠰᠠᠭ ᠤᠨ ᠪᠣᠳᠣᠯᠭ᠎ᠠ ᠶᠢᠨ》 ᠬᠦᠷᠢᠶᠡᠨ ᠳᠦ ᠮᠣᠩᠭᠣᠯᠴᠤᠳ ᠤᠨ ᠠᠭᠤᠭᠤᠯ ᠨᠤᠲᠤᠭ ᠢ ᠬᠢᠲᠠᠳᠴᠢᠯᠠᠨ ᠺᠣᠯᠤᠨᠢᠴᠢᠯᠠᠬᠤ ᠠᠵᠢᠯᠯᠠᠭ᠎ᠠ ᠡᠬᠢᠯᠡᠭᠰᠡᠨ ᠨᠢ ᠮᠣᠩᠭᠣᠯᠴᠤᠳ ᠤᠨ ᠳᠤᠷᠠᠭᠦᠶᠢᠴᠡᠯ ᠬᠢᠯᠢᠩ ᠢ ᠪᠠᠳᠠᠷᠠᠭᠠᠭᠰᠠᠨ ᠶᠤᠮ᠃ ᠪᠣᠭᠳᠠ ᠬᠠᠭᠠᠨᠲᠤ ᠮᠣᠩᠭᠣᠯ ᠤᠯᠤᠰ 1911 ᠣᠨ ᠳᠤ ᠪᠠᠶᠢᠭᠤᠯᠤᠭᠳᠠᠭᠰᠠᠨ ᠲᠤᠰᠠᠭᠠᠷ ᠲᠣᠭᠲᠠᠨᠢᠯ ᠢᠶᠠᠨ ᠲᠤᠩᠬᠠᠭᠯᠠᠨ ᠵᠠᠷᠯᠠᠬᠤ ᠳᠤ ᠪᠠᠨ ᠮᠣᠩᠭᠣᠯᠴᠤᠳ ᠢ ᠨᠢᠭᠡᠳᠬᠡᠭᠰᠡᠨ ᠨᠢᠭᠡᠳᠦᠮᠡᠯ ᠤᠯᠤᠰ ᠪᠠᠶᠢᠭᠤᠯᠬᠤ ᠶᠢ ᠵᠣᠷᠢᠵᠤ ᠪᠠᠶᠢᠪᠠ᠃ ᠳᠠᠭᠤᠷ ᠲᠤ 1919 ᠣᠨ ᠳᠤ ᠭ᠃ ᠰᠧᠮᠶᠣᠨᠠᠪᠣᠣᠷ ᠤᠳᠤᠷᠢᠳᠤᠭᠤᠯᠤᠭᠰᠠᠨ ᠨᠠᠷᠮᠠᠢ ᠮᠣᠩᠭᠣᠯ ᠍ ᠤᠨ ᠵᠠᠰᠠᠭ ᠤᠨ ᠭᠠᠵᠠᠷ ᠭᠡᠳᠡᠭ ᠢ ᠪᠠᠶᠢᠭᠤᠯᠤᠭᠰᠠᠨ ᠪᠣᠯᠪᠠᠴᠤ ᠪᠣᠭᠳᠠ ᠬᠠᠭᠠᠨᠲᠤ ᠮᠣᠩᠭᠣᠯ ᠤᠯᠤᠰ ᠍ ᠤᠨ ᠵᠠᠰᠠᠭ ᠤᠨ ᠭᠠᠵᠠᠷ ᠲᠡᠷᠬᠡᠦ ᠤᠯᠤᠰ ᠲᠥᠷᠥ ᠶᠢᠨ ᠲᠣᠭᠯᠠᠭᠠᠮ ᠳᠤ ᠣᠷᠣᠯᠴᠠᠭ᠎ᠠ ᠦᠭᠡᠢ ᠪᠢᠯᠡ᠃ ᠠᠷᠤ ᠮᠣᠩᠭᠣᠯ ᠍ ᠢ ᠭᠠᠮᠢᠨᠭᠠ ᠠᠴᠠ ᠴᠢᠯᠦᠭᠡᠯᠡᠭᠰᠡᠨ ᠪᠠᠷᠠᠨ ᠤᠩᠭᠧᠷᠨ ᠹᠣᠨ ᠱᠲ᠋ᠧᠷᠨᠪᠧᠺᠭ ᠴᠤ ᠨᠠᠷᠮᠠᠢ ᠮᠣᠩᠭᠣᠯ ᠤᠨ ᠠᠰᠠᠭᠤᠳᠠᠯ ᠢ ᠳᠤᠷᠠᠳᠴᠤ ᠪᠠᠶᠢᠴᠠᠢ᠃ ᠪᠠᠷᠠᠨ ᠤᠩᠭᠧᠷᠨᠢ ᠶᠢ ᠳᠠᠷᠤᠭᠳᠠᠭᠰᠠᠨ ᠤ ᠳᠠᠷᠠᠭ᠎ᠠ ᠮᠣᠩᠭᠣᠯ ᠳᠤ ᠰᠣᠴᠢᠶᠠᠯᠢᠰᠲᠤ ᠳᠢᠭᠯᠢᠮ ᠲᠣᠭᠲᠠᠭᠰᠠᠨ ᠪᠠ ᠡᠨᠡ ᠦᠶ᠎ᠡ ᠳᠦ ᠴᠤ ᠠᠷᠤ᠂ ᠥᠪᠥᠷ ᠮᠣᠩᠭᠣᠯ ᠢ ᠨᠢᠭᠡᠳᠬᠡᠬᠦ ᠠᠰᠠᠭᠤᠳᠠᠯ ᠲᠠᠯᠪᠢᠭᠳᠠᠭᠰᠠᠭᠠᠷ ᠪᠠᠶᠢᠪᠠ᠃ ᠭᠡᠪᠡᠴᠦ ᠬᠣᠶᠠᠷ ᠰᠠᠶ᠎ᠠ ᠬᠦᠷᠬᠦ ᠦᠭᠡᠢ ᠮᠣᠩᠭᠣᠯᠴᠤᠳ ᠤᠨ ᠲᠥᠯᠥᠭᠡ ᠬᠢᠲᠠᠳ ᠢ ᠴᠠᠰᠢ ᠲᠦᠯᠬᠢᠬᠦ ᠨᠢ ᠠᠰᠢᠭ ᠦᠭᠡᠢ ᠭᠡᠵᠦ ᠦᠵᠡᠭᠰᠡᠨ ᠺᠣᠮᠢᠨᠲ᠋ᠧᠷᠠᠨᠢᠢ ᠰᠢᠬᠠᠯᠲᠠ ᠪᠠᠷ 1920 ᠍ ᠢᠤᠳ᠋ ᠣᠨ ᠤ ᠳᠤᠮᠳᠠ ᠦᠶ᠎ᠡ ᠳᠦ ᠡᠨᠡ ᠠᠰᠠᠭᠤᠳᠠᠯ ᠢ ᠣᠷᠬᠢᠭᠰᠠᠨ ᠪᠠᠶᠢᠨ᠎ᠠ᠃ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠴᠡᠷᠢᠭ ᠳᠡᠯᠡᠬᠡᠢ ᠶᠢᠨ 2 ᠍ ᠳᠦᠭᠡᠷ ᠳᠠᠶᠢᠨᠢ ᠰᠡᠭᠦᠯ ᠦᠶ᠎ᠡ ᠳᠦ ᠮᠠᠨᠵᠤᠤᠷ ᠳᠠᠬᠢ ᠵᠥᠪᠯᠡᠯᠲᠦᠡᠶᠢᠨ ᠪᠠᠶᠢᠯᠳᠤᠭᠠᠨ ᠤ ᠠᠵᠢᠯᠯᠠᠭᠠᠨ ᠳᠤ ᠤᠷᠤᠯᠴᠠᠬᠤ ᠦᠶ᠎ᠡ ᠪᠡᠷ ᠠᠷᠤ᠂ ᠥᠪᠥᠷ ᠮᠣᠩᠭᠣᠯ ᠢ ᠨᠢᠭᠡᠳᠬᠡᠬᠦ ᠦᠵᠡᠯ ᠰᠠᠨᠠᠭ᠎ᠠ ᠳᠠᠬᠢᠨ ᠰᠡᠷᠭᠦᠵᠡᠢ᠃ ᠭᠡᠪᠡᠴᠦ ᠳᠠᠶᠢᠨ ᠳᠠᠭᠤᠰᠤᠮᠠᠭᠴᠠ ᠮᠣᠩᠭᠣᠯ ᠤᠨ ᠴᠡᠷᠢᠭ ᠢ ᠥᠪᠥᠷ ᠮᠣᠩᠭᠣᠯ ᠠᠴᠠ ᠶᠠᠭᠠᠷᠠᠯᠲᠠᠢ ᠲᠠᠲᠠᠵᠤ᠂ ᠥᠪᠥᠷ ᠮᠣᠩᠭᠣᠯ ᠢ ᠬᠢᠲᠠᠳ ᠤᠨ ᠠᠷᠠᠳ ᠤᠨ ᠴᠢᠯᠦᠭᠡᠯᠡᠬᠦ ᠠᠷᠮᠢ ᠡᠵᠡᠯᠡᠭᠰᠡᠨ ᠪᠠᠶᠢᠨ᠎ᠠ᠃

1990 ᠍ ᠊ᠭᠡᠳ ᠣᠨ ᠤ ᠠᠷᠠᠳᠴᠢᠯᠠᠭᠰᠠᠨ ᠰᠢᠨᠡᠴᠢᠯᠡᠯ ᠦᠨ ᠦᠶ᠎ᠡ ᠪᠡᠷ ᠬᠡᠳᠦ ᠬᠡᠳᠦᠨ ᠲᠥᠷᠥ ᠶᠢᠨ ᠪᠤᠰᠤ ᠪᠠᠶᠢᠭᠤᠯᠤᠯᠭ᠎ᠠ ᠮᠣᠩᠭᠣᠯᠴᠤᠳ ᠢ ᠨᠢᠭᠡᠳᠬᠡᠬᠦ ᠦᠵᠡᠯ ᠰᠠᠨᠠᠭ᠎ᠠ ᠶᠢ ᠰᠤᠷᠲᠠᠯᠴᠢᠯᠠᠭᠰᠠᠨ ᠪᠠᠶᠢᠳᠠᠭ᠃

ᠪᠢᠴᠢᠭᠡᠰᠦ