ᠳᠠᠷᠬᠠᠨ-ᠠᠭᠤᠯᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
— «ᠳᠠᠷᠬᠠᠨ-ᠠᠭᠤᠯᠠ ᠠᠶᠢᠮᠠᠭ» ᠭᠡᠳ ᠬᠣᠯᠪᠣᠭᠳᠠᠪᠠ —
ᠬᠠᠷᠠᠶᠢᠬᠤ: ᠤᠳᠤᠷᠢᠳᠬᠤ, ᠬᠠᠶᠢᠯᠲᠠ
ᠳᠠᠷᠬᠠᠨ-ᠠᠭᠤᠯᠠ ᠠᠶᠢᠮᠠᠭ
Дархан-Уул аймаг

ᠰᠦᠯᠳᠡ ᠲᠤᠭ

ᠰᠦᠯᠳᠡ ᠲᠡᠮᠳᠡᠭ
ᠮᠣᠩᠭᠣᠯ ᠣᠷᠣᠨ ᠳᠠᠬᠢ ᠳᠠᠷᠬᠠᠨ-ᠠᠭᠤᠯᠠ ᠠᠶᠢᠮᠠᠭ
ᠤᠯᠤᠰ Flag of Mongolia.svg ᠮᠣᠩᠭᠣᠯ
ᠠᠶᠢᠮᠠᠭ ᠳᠠᠷᠬᠠᠨ-ᠠᠭᠤᠯᠠ
ᠰᠤᠮᠤ (4) ᠳᠠᠷᠬᠠᠨᠣᠷᠬᠣᠨ
ᠬᠣᠩᠭᠣᠷᠱᠠᠷ ᠤᠨ ᠭᠣᠣᠯ
ᠠᠶᠢᠮᠠᠭ ᠤᠨ ᠲᠥᠪ ᠳᠠᠷᠬᠠᠨ
1994 ᠤᠨ ᠠᠶᠢᠮᠠᠭ ᠡᠭᠦᠰᠦᠭᠰᠡᠨ
ᠭᠠᠵᠠᠷ ᠨᠤᠲᠤᠭ 3,275 ᠺᠦᠸᠠᠳ᠋ ᠺᠢᠯᠣᠮᠧᠲ᠋ᠷ
ᠬᠦᠮᠦᠨ ᠠᠮᠠ (ᠲᠣᠭᠠᠯᠠᠯ) 2010 ᠤᠨ ᠳᠤ 94,620 ᠬᠦᠮᠦᠨ
 ᠨᠢᠭᠲᠠᠴᠠ ᠰᠡᠶᠢᠷᠡᠭ 28.9 ᠬᠦᠮᠦᠨ/км²
ᠠᠷᠠᠳ ᠲᠦᠮᠡᠨ ᠦᠨᠳᠦᠰᠦᠨ ᠳᠦ ᠪᠡᠨ ᠮᠣᠩᠭᠣᠯ
ᠴᠤᠭᠭᠠᠷ ᠢᠶᠠᠨ ᠳᠠᠷᠬᠠᠨ-ᠠᠭᠤᠯᠠ ᠶᠢᠨ ᠬᠢᠨ
ᠵᠠᠰᠠᠭ ᠳᠠᠷᠤᠭ᠎ᠠ ᠰᠤᠩᠳᠤᠶᠢᠵᠠᠪ ᠤᠨ ᠨᠠᠰᠤᠨᠪᠠᠲᠤ (МАН)
ᠴᠠᠭ ᠤᠨ ᠪᠥᠰᠡ ᠤᠯᠠᠭᠠᠨᠪᠠᠭᠠᠲᠤᠷ ᠤᠨ ᠴᠠᠭ (GMT+8)
ᠲᠠᠨᠢᠬᠤ ᠦᠰᠦᠭ ДА
ᠴᠠᠬᠢᠮ ᠭᠠᠵᠠᠷ e-darkhan.com (ᠮᠣᠩᠭᠣᠯ ᠢᠶᠠᠷ)

ᠳᠠᠷᠬᠠᠨ-ᠠᠭᠤᠯᠠ (ᠺᠢᠷᠢᠯ ᠮᠣᠩᠭᠣᠯ ᠢᠶᠠᠷДархан-Уул аймаг) ᠠᠶᠢᠮᠠᠭ ᠨᠢ ᠮᠣᠩᠭᠣᠯ ᠤᠯᠤᠰ ᠍ ᠤᠨ 21 ᠠᠶᠢᠮᠠᠭ ᠤᠨ ᠨᠢᠭᠡ᠃ ᠣᠷᠬᠣᠨᠭᠣᠪᠢᠰᠦᠮᠪᠦᠷ ᠠᠶᠢᠮᠠᠭ ᠤᠳ ᠲᠠᠢ ᠠᠳᠠᠯᠢ ᠪᠠᠷ 1994 ᠤᠨ ᠳᠤ ᠳᠠᠷᠬᠠᠨ ᠬᠣᠲᠠ ᠶᠢ ᠰᠡᠯᠡᠩᠭᠡ ᠠᠶᠢᠮᠠᠭ ᠤᠨ ᠵᠠᠷᠢᠮ ᠰᠤᠮᠤ ᠳᠤ ᠲᠠᠢ ᠨᠡᠶᠢᠯᠡᠭᠦᠯᠵᠦ ᠪᠠᠶᠢᠭᠤᠯᠵᠠᠢ᠃ ᠵᠠᠰᠠᠭ ᠵᠠᠬᠢᠷᠭᠠᠨ ᠤ ᠨᠢᠭᠡᠴᠡ ᠶᠢᠨ ᠬᠤᠪᠢ ᠳᠤ 4 ᠰᠤᠮᠤ᠂ 24 ᠪᠠᠭ ᠲᠠᠢ᠃ ᠳᠠᠷᠬᠠᠨ-ᠠᠭᠤᠯᠠ ᠠᠶᠢᠮᠠᠭ ᠨᠢ ᠰᠡᠯᠡᠩᠭᠡ ᠠᠶᠢᠮᠠᠭ ᠤᠨ ᠰᠤᠮᠤᠳ ᠲᠠᠢ ᠬᠢᠯᠢ ᠵᠠᠯᠭᠠᠭ᠎ᠠ ᠣᠷᠣᠰᠢᠳᠠᠭ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠷᠬᠠᠨ ᠬᠣᠲᠠ ᠶᠢᠨ ᠠᠩᠬᠠᠨ ᠤ ᠰᠠᠭᠤᠷᠢ ᠢᠢᠨ ᠴᠢᠯᠠᠭᠤ ᠶᠢ "ᠪᠤᠷᠬᠠᠨᠲᠤ ᠶᠢᠨ ᠬᠥᠨᠳᠡᠢ" ᠍ ᠳᠦ 1961 ᠤᠨ ᠤ 10 ᠰᠠᠷ᠎ᠠ ᠶᠢᠨ 17 ᠍ ᠳᠦ ᠲᠠᠯᠪᠢᠭᠰᠠᠨ ᠨᠢ ᠮᠣᠩᠭᠣᠯ ᠤᠯᠤᠰ ᠤᠨ 2 ᠳ᠋ᠠᠬᠢ ᠲᠣᠮᠣᠬᠠᠨ ᠬᠣᠲᠠ ᠪᠣᠯᠬᠤ ᠡᠬᠢᠯᠡᠯ ᠲᠠᠯᠪᠢᠭᠳᠠᠭᠰᠠᠨ ᠶᠤᠮ᠃ ᠳᠠᠷᠬᠠᠨ ᠬᠣᠲᠠ ᠶᠢ ᠬᠠᠭᠤᠴᠢᠨ ᠰᠣᠽᠢᠶᠠᠯᠢᠰᠲᠤ ᠣᠷᠣᠨ ᠨᠤᠭᠤᠳ ᠪᠣᠯᠬᠤ ᠵᠥᠪᠯᠡᠯᠲᠦ ᠬᠣᠯᠪᠣᠭᠠᠲᠤ ᠤᠯᠤᠰᠪᠣᠯᠭᠠᠷᠢᠶ᠎ᠠᠫᠣᠯᠢᠰᠢᠬᠠᠩᠭᠠᠷᠢᠴᠧᠺᠵᠡᠭᠦᠨ ᠭᠧᠷᠮᠠᠨ ᠵᠡᠷᠭᠡ ᠤᠯᠤᠰ ᠤᠳ ᠤᠨ ᠲᠧᠭᠨᠢᠭ᠂ ᠡᠳ᠋ ᠍ ᠦᠨ ᠵᠠᠰᠠᠭ ᠤᠨ ᠲᠤᠰᠠᠯᠠᠮᠵᠢ ᠲᠠᠢ ᠪᠠᠷ ᠪᠠᠶᠢᠭᠤᠯᠤᠨ ᠬᠥᠭᠵᠢᠭᠦᠯᠦᠭᠰᠡᠨ᠃ ᠳᠠᠷᠬᠠᠨ ᠬᠣᠲᠠ ᠨᠢ ᠣᠷᠬᠣᠨ᠂ ᠰᠡᠯᠡᠩᠭᠡ ᠶᠢᠨ ᠰᠠᠪᠠ ᠭᠠᠵᠠᠷ ᠤᠨ ᠪᠥᠰᠡ ᠳᠦ ᠪᠠᠭᠲᠠᠳᠠᠭ᠃ ᠬᠠᠷ᠎ᠠ ᠭᠣᠣᠯ ᠤᠨ ᠡᠷᠭᠢ ᠪᠤᠷᠬᠠᠨᠲᠤ ᠶᠢᠨ ᠬᠥᠨᠳᠡᠢ ᠳᠤ ᠣᠷᠣᠰᠢᠳᠠᠭ ᠪᠥᠭᠡᠳ ᠳᠠᠯᠠᠢ ᠶᠢᠨ ᠲᠥᠪᠰᠢᠨ ᠡᠴᠡ ᠳᠡᠭᠡᠭᠰᠢ 707 ᠮᠸᠲ᠋ᠷ ᠦᠨ ᠥᠨᠳᠥᠷ ᠲᠦ ᠪᠠᠶᠢᠷᠢᠯᠠᠭᠰᠠᠨ ᠪᠠ 327.5 ᠮᠢᠩᠭᠠᠨ ᠭᠠ ᠭᠠᠵᠠᠷ ᠨᠤᠲᠤᠭ ᠲᠠᠢ᠂ ᠡᠷᠡᠰ ᠲᠡᠰᠦ ᠠᠭᠤᠷ ᠠᠮᠢᠰᠬᠤᠯ ᠲᠠᠢ᠃

ᠤᠯᠤᠰ ᠤᠨ ᠶᠡᠬᠡ ᠬᠤᠷᠠᠯ ᠤᠨ 1994 ᠤᠨ ᠤ 32 ᠲᠣᠭᠠᠲᠤ ᠲᠣᠭᠲᠠᠭᠠᠯ ᠢᠶᠠᠷ ᠳᠠᠷᠬᠠᠨ ᠬᠣᠲᠠ ᠶᠢ ᠳᠠᠷᠬᠠᠨ-ᠠᠭᠤᠯᠠ ᠠᠶᠢᠮᠠᠭ ᠪᠣᠯᠭᠠᠨ ᠵᠣᠬᠢᠶᠠᠨ ᠪᠠᠶᠢᠭᠤᠯᠤᠭᠰᠠᠨ᠃

ᠪᠣᠯᠪᠠᠰᠤᠷᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠤᠰ ᠠᠶᠢᠮᠠᠭ ᠲᠤ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢᠬᠥᠳᠡᠭᠡ ᠠᠵᠤ ᠠᠬᠤᠢ ᠶᠢᠨ ᠶᠡᠬᠡ ᠰᠤᠷᠭᠠᠭᠤᠯᠢᠠᠨᠠᠭᠠᠬᠤ ᠤᠬᠠᠭᠠᠨ ᠤ ᠺᠣᠯᠯᠧᠵᠢ ᠵᠡᠷᠭᠡ ᠬᠤᠪᠢ ᠤᠨ ᠪᠣᠯᠤᠨ ᠤᠯᠤᠰ ᠤᠨ 11 ᠶᠡᠬᠡ᠂ ᠳᠡᠭᠡᠳᠦ ᠰᠤᠷᠭᠠᠭᠤᠯᠢ ᠪᠠ УГТСЭШХ᠂ ᠸᠢᠺᠲ᠋ᠣᠷᠢ ᠵᠣᠨ ᠵᠡᠷᠭᠡ ᠰᠤᠷᠭᠠᠯᠲᠠ ᠶᠢᠨ ᠲᠥᠪ ᠦᠳ ᠰᠤᠷᠭᠠᠯᠲᠠ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠠᠵᠢᠯᠯᠠᠳᠠᠭ᠃

ᠡᠳᠡᠭᠡᠷ ᠲᠦ 460 ᠭᠠᠷᠤᠢ ᠡᠷᠳᠡᠮᠲᠡᠨ ᠪᠠᠭᠰᠢ ᠠᠵᠢᠯᠯᠠᠵᠤ᠂ 11000 ᠭᠠᠷᠤᠢ ᠣᠶᠤᠲᠠᠨ ᠰᠤᠷᠤᠭᠴᠢ ᠰᠤᠷᠤᠯᠴᠠᠵᠤ ᠪᠠᠶᠢᠨ᠎ᠠ᠃ ᠮᠥᠨ ᠠᠶᠢᠮᠠᠭ ᠤᠨ ᠬᠡᠮᠵᠢᠶᠡᠨ ᠳᠦ 25 ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ 14 ᠴᠡᠴᠡᠷᠯᠢᠭ᠂ ᠮᠣᠩᠭᠣᠯ ᠲᠦᠷᠺ ᠤᠨ ᠬᠠᠮᠲᠤᠷᠠᠭᠰᠠᠨ ᠰᠤᠷᠭᠠᠭᠤᠯᠢᠬᠠᠨ-ᠠᠭᠤᠯᠠ ᠳᠡᠭᠡᠳᠦ ᠰᠤᠷᠭᠠᠭᠤᠯᠢ ᠶᠢᠨ ᠬᠠᠷᠢᠶ᠎ᠠ 10 ᠵᠢᠯ ᠦᠨ ᠰᠤᠷᠭᠠᠭᠤᠯᠢ᠂ ᠮᠣᠩᠭᠣᠯ-ᠭᠧᠷᠮᠠᠨ ᠤ ᠬᠠᠮᠲᠤᠷᠠᠭᠰᠠᠨ ᠰᠤᠷᠭᠠᠭᠤᠯᠢ᠂ ᠬᠡᠦᠬᠡᠳ ᠢ ᠡᠷᠲᠡ ᠬᠥᠭᠵᠢᠭᠦᠯᠬᠦ ᠲᠤᠰᠬᠠᠢ ᠰᠤᠷᠭᠠᠭᠤᠯᠢ ᠠᠵᠢᠯᠯᠠᠨ ᠲᠡᠳᠡᠭᠡᠷ ᠲᠦ 21 ᠮᠢᠩᠭᠠᠨ ᠬᠡᠦᠬᠡᠳ ᠰᠤᠷᠤᠯᠴᠠᠵᠤ᠂ ᠣᠷᠣᠰᠠᠩᠭᠯᠢᠭᠧᠷᠮᠠᠨᠲᠦᠷᠺᠶᠠᠫᠣᠨ ᠬᠡᠯᠡᠵᠢ ᠭᠠᠳᠠᠭᠠᠳᠤ ᠶᠢᠨ ᠮᠡᠷᠭᠡᠵᠢᠯᠲᠡᠨ ᠪᠠᠭᠰᠢ ᠨᠠᠷ ᠢᠶᠠᠷ ᠬᠢᠴᠢᠶᠡᠯ ᠵᠢᠭᠠᠯᠭᠠᠵᠤ ᠪᠠᠶᠢᠨ᠎ᠠ᠃

ᠡᠷᠡᠭᠦᠯ ᠮᠡᠨᠳᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠷᠬᠠᠨ-ᠠᠭᠤᠯᠠ ᠠᠶᠢᠮᠠᠭ ᠨᠢ ᠨᠡᠶᠢᠲᠡ 550 ᠣᠷᠣ ᠲᠠᠢ ᠡᠮᠨᠡᠯᠭᠡ᠂ ᠤᠷᠢᠳᠴᠢᠯᠠᠨ ᠰᠡᠷᠭᠡᠶᠢᠯᠡᠬᠦ ᠵᠣᠷᠢᠭᠤᠯᠤᠯᠲᠠ ᠲᠠᠢ ᠡᠷᠡᠭᠦᠯ ᠮᠡᠨᠳᠦ ᠶᠢᠨ 2 ᠲᠣᠮᠣᠬᠠᠨ ᠲᠥᠪ ᠠᠵᠢᠯᠯᠠᠵᠤ᠂ ᠲᠡᠳᠡᠭᠡᠷ ᠲᠦ 250 ᠭᠠᠷᠤᠢ ᠶᠡᠬᠡ ᠡᠮᠴᠢ ᠠᠵᠢᠯᠯᠠᠳᠠᠭ᠃

ᠬᠠᠷᠢᠯᠴᠠᠭ᠎ᠠ ᠬᠣᠯᠪᠣᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠤᠰ ᠠᠶᠢᠮᠠᠭ ᠨᠢ ᠵᠠᠮ᠂ ᠲᠡᠭᠡᠭᠡᠪᠦᠷᠢ᠂ ᠬᠠᠷᠢᠯᠴᠠᠭ᠎ᠠ ᠬᠣᠯᠪᠣᠭ᠎ᠠ᠂ ᠴᠠᠬᠢᠯᠭᠠᠨ᠂ ᠳᠤᠯᠠᠭᠠᠨ ᠤ ᠡᠨᠧᠷᠭᠢ ᠵᠡᠷᠭᠡ ᠳᠡᠳ᠋ ᠪᠦᠲᠦᠴᠡ ᠶᠢᠨ ᠰᠠᠯᠪᠤᠷᠢ ᠤᠳ ᠰᠠᠶᠢᠨ ᠬᠥᠭᠵᠢᠭᠰᠡᠨ ᠦᠢᠯᠡᠳᠪᠦᠷᠢᠯᠡᠯ᠂ ᠰᠤᠶᠤᠯ ᠪᠣᠯᠪᠠᠰᠤᠷᠠᠯ᠂ ᠰᠢᠨᠵᠢᠯᠡᠬᠦ ᠤᠬᠠᠭᠠᠨ ᠤ ᠲᠣᠮᠣᠬᠠᠨ ᠲᠥᠪ ᠤᠴᠢᠷ ᠠᠴᠠ ᠭᠠᠳᠠᠭᠠᠳᠤ ᠣᠷᠣᠨ ᠨᠤᠭᠤᠳ ᠤᠨ ᠮᠤᠵᠢ᠂ ᠬᠣᠲᠠ᠂ ᠺᠣᠮᠫᠠᠨᠢ᠂ ᠬᠤᠪᠢ ᠬᠦᠮᠦᠰ ᠲᠡᠢ ᠬᠠᠷᠢᠯᠴᠠᠭ᠎ᠠ ᠪᠠᠨ ᠥᠷᠭᠡᠵᠢᠭᠦᠯᠦᠨ ᠬᠥᠭᠵᠢᠭᠦᠯᠵᠦ ᠬᠠᠮᠲᠤᠷᠠᠨ ᠠᠵᠢᠯᠯᠠᠬᠤ ᠬᠠᠮᠤᠭ ᠤᠨ ᠲᠠᠭᠠᠲᠠᠢ ᠨᠥᠬᠥᠴᠡᠯ ᠪᠦᠷᠢᠳᠦᠭᠰᠡᠨ ᠠᠶᠢᠮᠠᠭ ᠶᠤᠮ᠃

ᠭᠧᠷᠮᠠᠨ ᠦ ᠴᠠᠶᠢᠲᠠᠴᠠᠬᠠᠩᠭᠠᠷᠢ ᠶᠢᠨ ᠺᠠᠫᠤᠱᠤᠪᠤᠷᠢᠪᠤᠷᠢᠶᠠᠳ ᠤᠯᠤᠰ ᠍ ᠤᠨ ᠤᠯᠠᠭᠠᠨ-ᠦᠳᠡᠴᠠᠭᠠᠨ ᠤᠷᠤᠰ ᠤᠯᠤᠰ ᠤᠨ ᠸᠢᠲ᠋ᠠᠪᠰᠺᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠍ ᠤᠨ ᠵᠧ-ᠵᠠᠨᠢᠳ᠋ᠠᠨᠮᠠᠷᠺ ᠍ ᠶᠢᠨ ᠬᠢᠯᠧᠷᠣᠶᠢᠳ᠋ ᠬᠣᠲᠠ ᠨᠤᠭᠤᠳ ᠲᠠᠢ ᠰᠢᠭᠤᠳ ᠬᠠᠷᠢᠯᠴᠠᠭ᠎ᠠ ᠲᠠᠢ ᠠᠵᠢᠯᠯᠠᠳᠠᠭ᠃

ᠳᠠᠷᠬᠠᠨ-ᠠᠭᠤᠯᠠ ᠠᠶᠢᠮᠠᠭ ᠲᠤ ᠣᠷᠴᠢᠨ ᠦᠶ᠎ᠡ ᠶᠢᠨ ᠲᠧᠭᠨᠣᠯᠣᠭᠢ᠂ ᠲᠧᠭᠨᠢᠭ ᠢᠶᠡᠷ ᠪᠦᠷᠢᠨ ᠲᠣᠨᠣᠭᠯᠠᠭᠳᠠᠭᠰᠠᠨ ᠮᠣᠪᠢᠺᠣᠮᠰᠺᠠᠲ᠋ᠧᠯ ᠶᠨᠢᠲ᠋ᠧᠯ ᠵ-ᠮᠣᠪᠠᠶᠢᠯ ᠺᠣᠮᠫᠠᠨᠢ ᠨᠤᠭᠤᠳ ᠤᠨ ᠰᠠᠯᠪᠤᠷᠢ ᠨᠤᠭᠤᠳ ᠡᠭᠦᠷ ᠦᠨ ᠲᠧᠯᠧᠹᠣᠨᠢ᠂ ᠮᠢᠺᠣᠮ ᠺᠣᠮᠫᠠᠨᠢ ᠢᠨᠲ᠋ᠧᠷᠨᠡᠲ ᠦᠨ ᠦᠢᠯᠡᠴᠢᠯᠡᠭᠡ ᠶᠠᠪᠤᠭᠤᠯᠳᠠᠭ ᠪᠠᠶᠢᠨ᠎ᠠ᠃ ᠮᠥᠨ DBS᠂ ЛХА ᠲᠧᠯᠧᠸᠢᠽ  ᠶᠢᠡᠷ 24 ᠴᠠᠭ ᠤᠨ ᠲᠤᠷᠰᠢ ᠳᠣᠲᠣᠭᠠᠳᠤ ᠭᠠᠳᠠᠭᠠᠳᠤ ᠶᠢᠨ ᠰᠤᠪᠠᠭ ᠤᠳ ᠢ ᠦᠵᠡᠬᠦ ᠪᠣᠯᠤᠮᠵᠢ ᠪᠠᠷ ᠪᠦᠷᠢᠨ ᠬᠠᠩᠭᠠᠳᠠᠭ᠃

ᠠᠵᠤ ᠦᠢᠯᠡᠳᠪᠦᠷᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠷᠬᠠᠨ-ᠠᠭᠤᠯᠠ ᠠᠶᠢᠮᠠᠭ ᠲᠤ ᠵᠢᠵᠢᠭ ᠳᠤᠮᠳᠠ᠂ ᠦᠢᠯᠡᠳᠪᠦᠷᠢᠯᠡᠯ᠂ ᠦᠢᠯᠡᠴᠢᠯᠡᠭᠡ ᠶᠢ ᠡᠷᠴᠢᠮᠲᠡᠢ ᠬᠥᠭᠵᠢᠭᠦᠯᠵᠦ ᠪᠠᠶᠢᠨ᠎ᠠ᠃ ᠬᠤᠪᠢ ᠤᠨ ᠬᠥᠷᠥᠩᠭᠡ ᠣᠷᠣᠭᠤᠯᠤᠯᠲᠠ ᠪᠠᠷ ᠣᠶᠣᠳᠠᠯ᠂ ᠠᠷᠢᠬᠢ ᠰᠫᠢᠷᠲ ᠦᠨ ᠦᠢᠯᠡᠳᠪᠦᠷᠢ᠂ ᠰᠠᠪᠬᠢᠨ ᠡᠳ᠋ᠯᠡᠯ᠂ ᠲᠠᠯᠬ᠎ᠠ ᠨᠠᠷᠢᠨ ᠪᠣᠣᠪᠣ᠂ ᠮᠢᠬ᠎ᠠ ᠮᠢᠬᠠᠨ ᠪᠦᠲᠦᠭᠡᠭᠳᠡᠬᠦᠨ ᠵᠡᠷᠭᠡ ᠵᠢᠵᠢᠭ ᠳᠤᠮᠳᠠ ᠦᠢᠯᠡᠳᠪᠦᠷᠢ ᠨᠦᠭᠦᠳ ᠪᠣᠯᠤᠨ ᠪᠠᠩᠬᠢ᠂ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ᠂ ᠬᠠᠳᠠᠭᠠᠯᠠᠮᠵᠢ ᠵᠢᠭᠡᠯᠡ ᠶᠢᠨ ᠬᠣᠷᠰᠢᠶ᠎ᠠ ᠵᠡᠷᠭᠡ ᠠᠵᠤ ᠠᠬᠤᠢ ᠶᠢᠨ ᠪᠠᠶᠢᠭᠤᠯᠤᠯᠭ᠎ᠠ ᠨᠤᠭᠤᠳ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠶᠢᠨ᠎ᠠ᠃

ᠦᠢᠯᠡᠳᠪᠦᠷᠢᠯᠡᠯ ᠪᠠ ᠠᠶᠠᠯᠠᠯ ᠵᠢᠭᠤᠯᠴᠢᠯᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠷᠬᠠᠨ-ᠠᠭᠤᠯᠠ ᠠᠶᠢᠮᠠᠭ ᠨᠢ ᠪᠠᠶᠢᠭᠠᠯᠢ ᠶᠢᠨ ᠪᠠᠶᠠᠯᠢᠭ ᠲᠤ ᠪᠠᠨ ᠲᠦᠰᠢᠭᠯᠡᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠢ ᠲᠦᠯᠬᠢᠭᠦᠦ ᠬᠥᠭᠵᠢᠭᠦᠯᠦᠭᠰᠡᠨ ᠪᠥᠭᠡᠳ ᠼᠧᠮᠧᠨᠲ᠂ ᠰᠢᠯᠢᠺᠠᠲ᠂ ᠪᠠᠶᠢᠰᠢᠩ ᠦᠢᠯᠡᠳᠪᠦᠷᠢᠯᠡᠬᠦ ᠺᠣᠮᠪᠢᠨᠠᠲ᠂ ᠠᠷᠢᠬᠢᠨ ᠤ ᠦᠢᠯᠡᠳᠪᠦᠷᠢ᠂ "ᠺᠧᠷᠠᠮᠠᠽᠢᠲ", "ᠡᠷᠦᠳᠡᠰᠦ ᠬᠥᠪᠥᠩ", "ᠲᠡᠮᠦᠷ ᠪᠧᠲ᠋ᠣᠨ ᠤ" ᠦᠢᠯᠡᠳᠪᠦᠷᠢ᠂ "ᠬᠦᠨᠡᠰᠦᠨ ᠦ ᠦᠢᠯᠡᠳᠪᠦᠷᠢ", "ᠨᠡᠬᠡᠢ ᠡᠳ᠋ᠯᠡᠯ ᠦᠨ ᠦᠢᠯᠡᠳᠪᠦᠷᠢ", "ᠮᠢᠬ᠎ᠠ ᠺᠣᠮᠪᠢᠨᠠᠲ", "ᠬᠠᠷ᠎ᠠ ᠲᠡᠮᠦᠷᠯᠢᠭ ᠦᠨ ᠦᠢᠯᠡᠳᠪᠦᠷᠢ" ᠵᠡᠷᠭᠡ ᠣᠯᠠᠨ ᠦᠢᠯᠡᠳᠪᠦᠷᠢ ᠨᠦᠭᠦᠳ ᠲᠡᠢ᠃ ᠪᠠᠷᠢᠯᠭ᠎ᠠ ᠶᠢᠨ ᠮᠠᠲ᠋ᠧᠷᠢᠶᠠᠯ ᠤᠨ ᠪᠣᠯᠤᠨ ᠨᠡᠭᠦᠷᠡᠰᠦᠠᠯᠲᠠ᠂ ᠲᠡᠮᠦᠷ ᠦᠨ ᠬᠥᠳᠡᠷ ᠦᠨ ᠠᠷᠪᠢᠨ ᠶᠡᠬᠡ ᠨᠥᠭᠡᠴᠡ ᠲᠡᠢ ᠠᠶᠢᠮᠠᠭ ᠶᠤᠮ᠃

ᠮᠥᠨ ᠠᠶᠠᠯᠠᠯ ᠵᠢᠭᠤᠯᠴᠢᠯᠠᠯ ᠤᠨ ᠰᠢᠨ᠎ᠡ ᠨᠥᠭᠡᠴᠡ ᠭᠡᠳᠡᠭ ᠨᠢ ᠬᠠᠷᠠᠭᠳᠠᠵᠤ ᠪᠠᠶᠢᠨ᠎ᠠ᠃ ᠡᠨᠳᠡ ᠪᠤᠷᠬᠠᠨ ᠲᠠᠢ ᠲᠣᠯᠣᠭᠠᠢ᠂ ᠳᠡᠭᠦᠵᠢᠩ ᠭᠦᠭᠦᠷᠭᠡ᠂ ᠮᠣᠷᠢᠨ ᠬᠤᠭᠤᠷ ᠴᠣᠭᠴᠠᠯᠠᠪᠤᠷᠢ ᠵᠡᠷᠭᠡ ᠰᠢᠨ᠎ᠡ ᠦᠶ᠎ᠡ ᠶᠢᠨ ᠪᠦᠲᠦᠭᠡᠯ ᠦᠳ ᠭᠠᠳᠠᠭᠠᠳᠤ ᠳᠣᠲᠣᠭᠠᠳᠤ ᠶᠢᠨ ᠠᠶᠠᠯᠠᠭᠴᠢᠳ ᠤᠨ ᠰᠣᠨᠢᠷᠬᠠᠯ ᠢ ᠲᠠᠲᠠᠵᠤ ᠪᠠᠶᠢᠨ᠎ᠠ᠃ ᠲᠠ ᠡᠨᠳᠡ ᠡᠴᠡ ᠠᠮᠤᠷᠪᠠᠶᠠᠰᠬᠤᠯᠠᠩᠲᠤ ᠬᠡᠶᠢᠳ ᠦᠵᠡᠵᠦ᠂ ᠬᠣᠲᠠ ᠶᠢᠨ ᠮᠦᠽᠧᠢ ᠶᠢ ᠰᠣᠨᠢᠷᠬᠠᠬᠤ ᠵᠡᠷᠭᠡ ᠪᠡᠷ ᠠᠶᠠᠯᠠᠵᠤ ᠪᠣᠯᠤᠨ᠎ᠠ᠃

ᠬᠥᠳᠡᠭᠡ ᠠᠵᠤ ᠠᠬᠤᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠷᠬᠠᠨ-ᠠᠭᠤᠯᠠ ᠨᠢ ᠮᠣᠩᠭᠣᠯ ᠤᠨ ᠭᠠᠵᠠᠷ ᠲᠠᠷᠢᠶᠠᠯᠠᠩ ᠤᠨ ᠲᠥᠪ ᠪᠥᠰᠡ ᠳᠦ ᠣᠷᠣᠰᠢᠳᠠᠭ ᠤᠴᠢᠷ ᠠᠴᠠ ᠬᠥᠳᠡᠭᠡ ᠠᠵᠤ ᠠᠬᠤᠢ ᠢᠢᠨ ᠨᠡᠶᠢᠲᠡ ᠪᠦᠲᠦᠭᠡᠭᠳᠡᠬᠦᠨ ᠳᠦ ᠭᠠᠵᠠᠷ ᠲᠠᠷᠢᠶᠠᠯᠠᠩ ᠭᠣᠣᠯᠯᠠᠳᠠᠭ ᠪᠥᠭᠡᠳ ᠭᠠᠵᠠᠷ ᠲᠠᠷᠢᠶᠠᠯᠠᠩ ᠤᠨ ᠠᠵᠤ ᠠᠬᠤᠢ ᠨᠤᠭᠤᠳ ᠰᠢᠨᠵᠢᠯᠡᠬᠦ ᠤᠬᠠᠭᠠᠨ ᠤ ᠪᠠᠭᠠᠵᠠ ᠲᠠᠢ ᠪᠠᠨ ᠣᠶᠢᠷᠠᠬᠠᠨ ᠪᠠᠶᠢᠷᠢᠯᠠᠵᠤ᠂ ᠲᠡᠭᠦᠨ ᠲᠡᠢ ᠬᠠᠮᠲᠤᠷᠠᠨ ᠠᠵᠢᠯᠯᠠᠳᠠᠭ ᠢᠶᠠᠷ ᠢᠶᠠᠨ ᠪᠤᠰᠤᠳ ᠠᠶᠢᠮᠠᠭ ᠤᠳ ᠠᠴᠠ ᠳᠠᠪᠠᠭᠤ ᠲᠠᠢ ᠶᠤᠮ᠃ ᠠᠶᠢᠮᠠᠭ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠨᠢ ᠬᠦᠮᠦᠨ ᠠᠮᠠ ᠶᠢᠨ ᠮᠢᠬ᠎ᠠ ᠮᠢᠬᠠᠨ ᠪᠦᠲᠦᠭᠡᠭᠳᠡᠬᠦᠨ ᠦ ᠬᠡᠷᠡᠭᠴᠡᠭᠡᠨ ᠦ 30%᠂ ᠰᠦ᠋ ᠰᠦᠨ ᠪᠦᠲᠦᠭᠡᠭᠳᠡᠬᠦᠨ ᠦ 90%᠂ ᠭᠤᠯᠢᠷ ᠭᠤᠷᠢᠯᠠᠨ ᠪᠦᠲᠦᠭᠡᠭᠳᠡᠬᠦᠨ ᠦ 70% ᠭᠠᠷᠤᠢ ᠬᠤᠪᠢ ᠢ᠂ ᠲᠥᠮᠥᠰᠥ᠂ ᠬᠦᠨᠡᠰᠦᠨ ᠦ ᠨᠣᠭᠣᠭᠠᠨ ᠤ ᠬᠡᠷᠡᠭᠴᠡᠭᠡ ᠶᠢ ᠥᠪᠡᠷ ᠦᠨ ᠦᠢᠯᠡᠳᠪᠦᠷᠢᠯᠡᠯ ᠢᠶᠡᠷ ᠪᠦᠷᠢᠨ ᠬᠠᠩᠭᠠᠵᠤ ᠪᠠᠶᠢᠭ᠎ᠠ ᠪᠠᠶᠢᠯᠳᠣᠬᠣ ᠪᠣᠳᠣᠯᠭ᠎ᠠ ᠶᠢᠨ ᠠᠴᠢ ᠬᠣᠯᠪᠣᠭᠳᠠᠯ ᠪᠦᠬᠦᠢ ᠰᠠᠯᠪᠤᠷᠢ ᠶᠢᠨ ᠨᠢᠭᠡ ᠶᠤᠮ᠃

ᠳᠠᠷᠬᠠᠨ-ᠠᠭᠤᠯᠠ ᠠᠶᠢᠮᠠᠭ ᠤᠨ ᠬᠡᠮᠵᠢᠶᠡᠨ ᠳᠦ ᠥᠨᠥᠳᠥᠷ ᠦᠨ ᠪᠠᠶᠢᠳᠠᠯ ᠢᠶᠠᠷ 100 ᠭᠠᠷᠤᠢ ᠠᠵᠤ ᠠᠬᠤᠢ ᠶᠢᠨ ᠨᠢᠭᠡᠴᠡ᠂ 12 ᠮᠢᠩᠭ᠎ᠠ ᠭᠠᠷᠤᠢ ᠡᠷᠦᠬᠡ 37.0 ᠮᠢᠩᠭᠠᠨ ᠭᠠ ᠣᠷᠴᠢᠮ ᠡᠷᠭᠢᠯᠲᠡ ᠶᠢᠨ ᠲᠠᠯᠠᠪᠠᠢ ᠳᠤ ᠲᠠᠷᠢᠶᠠᠯᠠᠩ ᠤᠨ ᠦᠢᠯᠡ ᠠᠵᠢᠯᠯᠠᠭ᠎ᠠ ᠡᠷᠬᠢᠯᠡᠵᠦ ᠪᠠᠶᠢᠨ᠎ᠠ᠃ ᠠᠶᠢᠮᠠᠭ ᠤᠨ ᠡᠳ᠋ ᠍ ᠦᠨ ᠵᠠᠰᠠᠭ ᠲᠤ ᠮᠠᠯ ᠠᠵᠤ ᠠᠬᠤᠢ ᠶᠢᠨ ᠦᠢᠯᠡᠳᠪᠦᠷᠢᠯᠡᠯ ᠪᠠᠭ᠎ᠠ ᠬᠤᠪᠢ ᠶᠢ ᠡᠵᠡᠯᠡᠳᠡᠭ ᠴᠤ 3 ᠮᠢᠩᠭᠠᠨ ᠡᠷᠦᠬᠡ᠂ 40 ᠭᠠᠷᠤᠢ ᠠᠵᠤ ᠠᠬᠤᠢ ᠶᠢᠨ ᠨᠢᠭᠡᠴᠡ ᠳᠦ 130 ᠭᠠᠷᠤᠢ ᠲᠣᠯᠣᠭᠠᠢ ᠮᠠᠯ ᠢ ᠥᠰᠬᠡᠵᠦ ᠪᠠᠶᠢᠨ᠎ᠠ᠃ ᠣᠳᠣ ᠶᠢᠨ ᠪᠠᠶᠢᠳᠠᠯ ᠢᠶᠠᠷ ᠲᠤᠰ ᠠᠶᠢᠮᠠᠭ ᠲᠤ 21 ᠡᠭᠦᠯᠳᠡᠷ᠂ ᠣᠮᠤᠭ᠂ ᠬᠡᠪᠰᠢᠯ ᠦᠨ 28 ᠮᠢᠩᠭᠠᠨ ᠲᠣᠯᠣᠭᠠᠢ ᠮᠠᠯ ᠢ ᠦᠷᠡᠵᠢᠯ ᠦᠨ ᠰᠠᠶᠢᠵᠢᠷᠠᠭᠤᠯᠤᠭᠴᠢ ᠪᠠᠷ ᠠᠰᠢᠭᠯᠠᠵᠤ ᠪᠠᠶᠢᠭ᠎ᠠ ᠨᠢ ᠨᠡᠶᠢᠲᠡ ᠮᠠᠯ ᠤᠨ 18 ᠣᠷᠴᠢᠮ ᠬᠤᠪᠢ ᠶᠢ ᠡᠵᠡᠯᠡᠵᠦ ᠪᠠᠶᠢᠨ᠎ᠠ᠃

ᠰᠤᠮᠤ ᠳᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠸᠢᠭᠮᠧᠳᠢᠶᠠ ᠵᠢᠷᠤᠭ ᠤᠨ ᠰᠠᠩ:
«ᠳᠠᠷᠬᠠᠨ-ᠠᠭᠤᠯᠠ ᠠᠶᠢᠮᠠᠭ ᠤᠨ ᠵᠢᠷᠤᠭ»

ᠪᠢᠴᠢᠭᠡᠰᠦ