ᠳᠡᠯᠡᠬᠡᠢ ᠶᠢᠨ ᠥᠪ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
United Nations Educational Scientific and Cultural Organization ᠍ ᠶᠢᠨ ᠳᠡᠯᠡᠬᠡᠢ ᠶᠢᠨ ᠥᠪ ᠦᠨ ᠬᠣᠷᠢᠶᠠᠨ ᠤ ᠲᠡᠮᠳᠡᠭ

ᠳᠡᠯᠡᠬᠡᠢ ᠶᠢᠨ ᠥᠪ ᠭᠡᠳᠡᠭ ᠨᠢ 1972 ᠤᠨ ᠤ United Nations Educational Scientific and Cultural Organization(UNESCO)(ᠨᠢᠭᠡᠳᠦᠭᠰᠡᠨ ᠦᠨᠳᠦᠰᠦᠲᠡᠨ ᠤ ᠪᠤᠯᠪᠠᠰᠤᠷᠠᠯ ᠰᠢᠨᠵᠢᠯᠡᠬᠦ ᠤᠬᠠᠭᠠᠨ ᠵᠢᠴᠢ ᠰᠤᠶᠤᠯ ᠤᠨ ᠪᠠᠶᠢᠭᠤᠯᠤᠯᠭ᠎ᠠ) ᠢᠶᠠᠷ ᠪᠠᠲᠤᠯᠠᠭᠳᠠᠭᠰᠠᠨ᠂ ᠳᠡᠯᠡᠬᠡᠢ ᠶᠢᠨ ᠰᠤᠶᠤᠯ ᠤᠨ ᠪᠣᠯᠤᠨ ᠪᠠᠶᠢᠭᠠᠯᠢ ᠶᠢᠨ ᠥᠪ ᠢ ᠬᠠᠮᠠᠭᠠᠯᠠᠬᠤ ᠲᠤᠩᠬᠠᠭᠯᠠᠯ" (ᠳᠡᠯᠡᠬᠡᠢ ᠶᠢᠨ ᠥᠪ ᠦᠨ ᠲᠤᠩᠬᠠᠭᠯᠠᠯ) ᠍ ᠳᠦ ᠦᠨᠳᠦᠰᠦᠯᠡᠨ ᠳᠡᠯᠡᠬᠡᠢ ᠶᠢᠨ ᠥᠪ ᠦᠨ ᠵᠢᠭᠰᠠᠭᠠᠯᠳᠠ ᠳᠤ ᠪᠦᠷᠢᠳᠬᠡᠭᠳᠡᠭᠰᠡᠨ ᠠᠷᠬᠧᠣᠯᠣᠭᠢ ᠶᠢᠨ ᠳᠤᠷᠠᠰᠬᠠᠯ᠂ ᠪᠠᠶᠢᠭᠠᠯᠢᠰᠤᠶᠤᠯ ᠤᠨ ᠳᠤᠷᠠᠰᠬᠠᠯ ᠵᠡᠷᠭᠡ ᠬᠦᠮᠦᠨ ᠲᠥᠷᠥᠯᠬᠢᠲᠡᠨ ᠤ ᠦᠶ᠎ᠡ ᠶᠢᠨ ᠦᠶ᠎ᠡ ᠳᠦ ᠪᠠᠨ ᠥᠪᠯᠡᠭᠦᠯᠦᠨ ᠦᠯᠡᠳᠡᠭᠡᠬᠦ ᠦᠨᠡᠲᠦ ᠵᠦᠢᠯᠡᠰ ᠢ ᠬᠡᠯᠡᠨ᠎ᠡ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

1959 ᠤᠨ ᠳᠤ ᠶᠸᠵᠠᠫᠲ ᠶᠢᠨ ᠨᠢᠯ ᠮᠥᠷᠡᠨ ᠦ ᠰᠠᠪᠠ ᠭᠠᠵᠠᠷ ᠲᠤ ᠠᠰᠪᠤᠨ ᠤ ᠤᠰᠤᠨ ᠴᠠᠬᠢᠯᠭᠠᠨ ᠦᠷᠲᠡᠭᠡ ᠪᠠᠷᠢᠬᠤ ᠲᠥᠯᠥᠪᠯᠡᠭᠡ ᠭᠠᠷᠴᠠᠢ᠃ ᠡᠨᠡᠬᠦ ᠤᠰᠤᠨ ᠴᠠᠬᠢᠯᠭᠠᠨ ᠦᠷᠲᠡᠭᠡ ᠪᠤᠢ ᠪᠣᠯᠪᠠᠯ ᠨᠦᠪ ᠦᠨ ᠬᠥᠨᠳᠡᠢ ᠳ᠋ᠡᠬᠢ ᠳᠤᠷᠠᠰᠬᠠᠯᠲᠤ ᠵᠦᠢᠯᠡᠰ ᠤᠰᠤᠨ ᠳᠤ ᠠᠪᠲᠠᠬᠤ ᠠᠶᠤᠯ ᠲᠤᠯᠭᠠᠷᠠᠭᠰᠠᠨ ᠶᠤᠮ᠃ ᠡᠨᠡ ᠠᠰᠠᠭᠤᠳᠠᠯ ᠢ ᠰᠢᠢᠳᠬᠦ ᠶᠢᠨ ᠲᠤᠯᠠᠳᠠ ᠨᠢᠭᠡᠳᠦᠭᠰᠡᠨ ᠦᠨᠳᠦᠰᠦᠲᠡᠨ ᠤ ᠪᠤᠯᠪᠠᠰᠤᠷᠠᠯ ᠰᠢᠨᠵᠢᠯᠡᠬᠦ ᠤᠬᠠᠭᠠᠨ ᠵᠢᠴᠢ ᠰᠤᠶᠤᠯ ᠤᠨ ᠪᠠᠶᠢᠭᠤᠯᠤᠯᠭ᠎ᠠ ᠍ ᠠᠴᠠ "ᠨᠦᠪ ᠦᠨ ᠵᠢᠪᠬᠦ ᠭᠡᠵᠦ ᠪᠤᠢ ᠳᠤᠷᠠᠰᠬᠠᠯ ᠤᠨ ᠵᠦᠢᠯᠡᠰ ᠢ ᠬᠠᠮᠠᠭᠠᠯᠠᠬᠤ ᠬᠥᠳᠡᠯᠭᠡᠭᠡᠨ" ᠥᠷᠨᠢᠭᠦᠯᠪᠡ᠃ ᠳᠡᠯᠡᠬᠡᠢ ᠶᠢᠨ 60 ᠭᠠᠷᠤᠢ ᠣᠷᠣᠨ ᠡᠭᠦᠨ ᠳᠦ ᠨᠢᠭᠡᠳᠴᠦ᠂ ᠲᠧᠭᠨᠢᠭ᠂ ᠬᠥᠷᠥᠩᠭᠡ ᠮᠥᠩᠭᠥᠨ ᠦ ᠲᠤᠰᠠᠯᠠᠯᠴᠠᠭ᠎ᠠ ᠦᠵᠡᠭᠦᠯᠵᠡᠢ᠃ ᠡᠶᠢᠨᠬᠦᠦ ᠠᠪᠤ ᠰᠢᠮᠪᠧᠯ ᠰᠦᠮ᠎ᠡ ᠶᠢ ᠨᠡᠭᠦᠯᠭᠡᠨ ᠰᠢᠯᠵᠢᠭᠦᠯᠵᠡᠢ᠃ ᠡᠨᠡᠬᠦ ᠶᠠᠪᠤᠳᠠᠯ ᠠᠴᠠ ᠡᠭᠦᠰᠦᠨ᠂ ᠲᠡᠦᠬᠡ ᠶᠢᠨ ᠦᠨᠡᠲᠦ ᠵᠦᠢᠯᠡᠰ ᠢ ᠬᠥᠭᠵᠢᠯ ᠦᠨ ᠵᠣᠯᠢᠶᠠᠰᠤ ᠪᠣᠯᠭᠠᠬᠤ ᠦᠭᠡᠢ ᠶᠢᠨ ᠲᠤᠯᠠᠳᠠ ᠣᠯᠠᠨ ᠤᠯᠤᠰ ᠤᠨ ᠲᠦᠪᠰᠢᠨ ᠳᠦ ᠬᠠᠮᠠᠭᠠᠯᠠᠬᠤ ᠬᠡᠷᠡᠭᠲᠡᠢ ᠪᠣᠯᠤᠭᠰᠠᠨ ᠢ ᠳᠡᠯᠡᠬᠡᠢ ᠶᠢᠨ ᠤᠯᠤᠰ ᠤᠳ ᠣᠶᠢᠯᠠᠭᠠᠵᠠᠢ᠃

1972 ᠤᠨ ᠤ 11 ᠰᠠᠷ᠎ᠠ ᠶᠢᠨ 16 ᠍ ᠳᠦ ᠨᠢᠭᠡᠳᠦᠭᠰᠡᠨ ᠦᠨᠳᠦᠰᠦᠲᠡᠨ ᠤ ᠪᠤᠯᠪᠠᠰᠤᠷᠠᠯ ᠰᠢᠨᠵᠢᠯᠡᠬᠦ ᠤᠬᠠᠭᠠᠨ ᠵᠢᠴᠢ ᠰᠤᠶᠤᠯ ᠤᠨ ᠪᠠᠶᠢᠭᠤᠯᠤᠯᠭ᠎ᠠ ᠦᠨ ᠫᠠᠷᠢᠰ ᠳᠠᠬᠢ ᠲᠥᠪ ᠪᠠᠶᠢᠷᠢᠨ ᠳᠤ ᠪᠣᠯᠤᠭᠰᠠᠨ 17 ᠳ᠋ᠠᠬᠢ ᠤᠳᠠᠭ᠎ᠠ ᠶᠢᠨ ᠴᠢᠭᠤᠯᠭᠠᠨ ᠢᠶᠠᠷ "ᠳᠡᠯᠡᠬᠡᠢ ᠶᠢᠨ ᠰᠤᠶᠤᠯ᠂ ᠪᠠᠶᠢᠭᠠᠯᠢ ᠶᠢᠨ ᠥᠪ ᠢ ᠬᠠᠮᠠᠭᠠᠯᠠᠬᠤ ᠲᠤᠩᠬᠠᠭᠯᠠᠯ" ᠍ ᠢ ᠰᠠᠨᠠᠯ ᠨᠢᠭᠡᠲᠡᠢ ᠪᠡᠷ ᠪᠠᠲᠤᠯᠠᠪᠠ᠃ 1973 ᠤᠨ ᠳᠤ ᠠᠮᠧᠷᠢᠺᠠ ᠶᠢᠨ ᠨᠢᠭᠡᠳᠦᠭᠰᠡᠨ ᠤᠯᠤᠰ ᠠᠩᠬ᠎ᠠ ᠡᠨᠡᠬᠦ ᠲᠤᠩᠬᠠᠭᠯᠠᠯ ᠳᠤ ᠨᠢᠭᠡᠳᠦᠨ ᠣᠷᠣᠭᠰᠠᠨ ᠪᠥᠭᠡᠳ 20 ᠳ᠋ᠠᠬᠢ ᠤᠯᠤᠰ ᠨᠢᠭᠡᠳᠦᠨ ᠣᠷᠣᠭᠰᠠᠨ 1975 ᠤᠨ ᠳᠤ ᠠᠯᠪᠠᠨ ᠶᠣᠰᠣᠭᠠᠷ ᠬᠡᠷᠡᠭᠵᠢᠵᠦ ᠡᠬᠢᠯᠡᠭᠰᠡᠨ ᠶᠤᠮ᠃

1978 ᠤᠨ ᠳᠤ ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠯᠤᠦ᠋ᠰᠲᠠᠨ ᠪᠣᠯᠤᠨ ᠭᠠᠯᠠᠫᠠᠭᠣᠰ ᠤᠨ ᠠᠷᠠᠯ ᠤᠳ ᠵᠡᠷᠭᠡ 12 ᠭᠠᠵᠠᠷ ᠢ (ᠪᠠᠶᠢᠭᠠᠯᠢ ᠶᠢᠨ ᠥᠪ 4᠂ ᠰᠤᠶᠤᠯ ᠤᠨ ᠥᠪ 8) ᠳᠡᠯᠡᠬᠡᠢ ᠶᠢᠨ ᠰᠤᠶᠤᠯ ᠤᠨ ᠥᠪ  ᠶᠢᠡᠷ ᠪᠦᠷᠢᠳᠬᠡᠵᠦ ᠠᠪᠤᠭᠰᠠᠨ ᠢᠶᠠᠷ ᠬᠦᠮᠦᠨ ᠲᠥᠷᠥᠯᠬᠢᠲᠡᠨ ᠡᠬᠢ ᠲᠡᠦᠬᠡ᠂ ᠪᠠᠶᠢᠭᠠᠯᠢ ᠳᠡᠯᠡᠬᠡᠢ ᠪᠡᠨ ᠬᠠᠮᠠᠭᠠᠯᠠᠬᠤ ᠠᠶᠠᠨ ᠳᠤ ᠮᠣᠷᠳᠠᠵᠠᠢ᠃

ᠲᠥᠷᠥᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠰᠤᠶᠤᠯ ᠤᠨ ᠥᠪ
ᠳᠡᠯᠡᠬᠡᠢ ᠨᠡᠶᠢᠲᠡ ᠳᠦ ᠬᠦᠯᠢᠶᠡᠨ ᠵᠥᠪᠰᠢᠶᠡᠷᠡᠭᠳᠡᠭᠰᠡᠨ ᠦᠨ᠎ᠡ ᠴᠡᠨ᠎ᠡ ᠪᠦᠬᠦᠢ ᠪᠠᠷᠢᠯᠭ᠎ᠠ ᠪᠣᠯᠤᠨ ᠡᠷᠲᠡᠨ (ᠠᠷᠬᠧᠣᠯᠣᠭᠢ ᠶᠢᠨ) ᠤ ᠳᠤᠷᠠᠰᠬᠠᠯ
ᠪᠠᠶᠢᠭᠠᠯᠢ ᠶᠢᠨ ᠥᠪ
ᠦᠵᠡᠰᠬᠦᠯᠡᠩ ᠲᠡᠢ᠂ ᠣᠩᠭᠣᠨ ᠵᠡᠷᠯᠢᠭ ᠪᠠᠶᠢᠭᠠᠯᠢ ᠪᠦᠬᠦᠢ ᠭᠠᠵᠠᠷ ᠨᠤᠲᠤᠭ
ᠬᠣᠣᠰᠯᠠᠮᠠᠯ ᠥᠪ
ᠰᠤᠶᠤᠯ ᠤᠨ ᠪᠣᠯᠤᠨ ᠪᠠᠶᠢᠭᠠᠯᠢ ᠶᠢᠨ ᠥᠪ ᠦᠳ ᠨᠢᠭᠡ ᠳᠣᠣᠷ᠎ᠠ ᠤᠷᠤᠰᠢᠬᠤ ᠭᠠᠵᠠᠷ
ᠤᠰᠠᠳᠬᠤ ᠠᠶᠤᠯ ᠳᠤ ᠪᠤᠢ ᠥᠪ
ᠬᠣᠶᠢᠴᠢ ᠦᠶ ᠡ ᠳᠦ ᠪᠠᠨ ᠥᠪᠯᠡᠨ ᠦᠯᠡᠳᠡᠭᠡᠬᠦ ᠳᠦ ᠬᠡᠴᠡᠭᠦᠦ ᠪᠣᠯᠤᠭᠰᠠᠨ᠂ ᠤᠰᠤᠲᠤᠬᠤ ᠠᠶᠤᠯ ᠳᠤ ᠪᠤᠢ ᠥᠪ

ᠳᠡᠯᠡᠬᠡᠢ ᠶᠢᠨ ᠥᠪ ᠲᠦ ᠪᠦᠷᠢᠳᠬᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠦᠷᠢᠳᠬᠡᠯ ᠳᠦ ᠬᠠᠮᠤᠷᠤᠭᠤᠯᠬᠤ ᠭᠠᠵᠠᠷ ᠤᠨ ᠣᠷᠣᠨ ᠨᠤᠲᠤᠭ ᠤᠨ ᠵᠠᠰᠠᠭ ᠵᠠᠬᠢᠷᠭᠠᠨ ᠠᠴᠠ ᠳᠡᠯᠡᠬᠡᠢ ᠶᠢᠨ ᠥᠪ ᠲᠦ ᠪᠥᠷᠢᠳᠬᠡᠭᠦᠯᠬᠦ ᠬᠦᠰᠡᠯᠲᠡ᠂ ᠲᠣᠳᠣᠷᠬᠠᠶᠢᠯᠠᠯᠲᠠ ᠭᠠᠷᠭᠠᠨ᠎ᠠ
 ᠨᠢᠭᠡᠳᠦᠭᠰᠡᠨ ᠦᠨᠳᠦᠰᠦᠲᠡᠨ ᠤ ᠪᠤᠯᠪᠠᠰᠤᠷᠠᠯ ᠰᠢᠨᠵᠢᠯᠡᠬᠦ ᠤᠬᠠᠭᠠᠨ ᠵᠢᠴᠢ ᠰᠤᠶᠤᠯ ᠤᠨ ᠪᠠᠶᠢᠭᠤᠯᠤᠯᠭ᠎ᠠ ᠍ ᠶᠢᠨ ᠳᠡᠯᠡᠬᠡᠢ ᠶᠢᠨ ᠥᠪ ᠦᠨ ᠬᠣᠷᠢᠶ᠎ᠠ ᠲᠤᠰ ᠭᠠᠵᠠᠷ ᠢ ᠦᠵᠡᠵᠦ ᠲᠠᠨᠢᠯᠴᠠᠨ᠂ ᠦᠨᠡᠯᠡᠯᠲᠡ ᠥᠭᠬᠦ ᠬᠦᠰᠡᠯᠲᠡ ᠭᠠᠷᠭᠠᠨ᠎ᠠ
ᠰᠤᠶᠤᠯ ᠤᠨ ᠥᠪ ᠲᠦ ᠨᠡᠷ᠎ᠡ ᠳᠡᠪᠰᠢᠭᠴᠢ ᠪᠣᠯ ᠣᠯᠠᠨ ᠤᠯᠤᠰ ᠤᠨ ᠲᠡᠦᠬᠡ ᠰᠤᠶᠤᠯ ᠤᠨ ᠳᠤᠷᠠᠰᠬᠠᠯ ᠢ ᠬᠠᠮᠠᠭᠠᠯᠠᠬᠤ ᠵᠥᠪᠯᠡᠯ (ICOMOS) ᠲᠤᠬᠠᠢ ᠶᠢᠨ ᠭᠠᠵᠠᠷ ᠲᠤ ᠣᠴᠢᠵᠤ ᠰᠤᠳᠤᠯᠭ᠎ᠠ ᠬᠢᠵᠤ᠂ ᠦᠷ᠎ᠡ ᠳ᠋ᠦᠩ ᠢ ᠭᠠᠷᠭᠠᠨ᠎ᠠ ᠪᠠᠶᠢᠭᠠᠯᠢ ᠶᠢᠨ ᠥᠪ ᠲᠦ ᠨᠡᠷ᠎ᠡ ᠳᠡᠪᠰᠢᠭᠴᠢ ᠪᠣᠯ ᠣᠯᠠᠨ ᠤᠯᠤᠰ ᠤᠨ ᠪᠠᠶᠢᠭᠠᠯᠢ ᠣᠷᠴᠢᠨ ᠢ ᠬᠠᠮᠠᠭᠠᠯᠠᠬᠤ ᠬᠣᠯᠪᠣᠭ᠎ᠠ (IUCN) ᠲᠤᠬᠠᠢ ᠶᠢᠨ ᠭᠠᠵᠠᠷ ᠲᠤ ᠣᠴᠢᠵᠤ ᠰᠤᠳᠤᠯᠭ᠎ᠠ ᠬᠡᠢ ᠶᠢᠨ᠂ ᠦᠷ᠎ᠡ ᠳ᠋ᠦᠩ ᠭᠠᠷᠭᠠᠨ᠎ᠠ
 ᠨᠢᠭᠡᠳᠦᠭᠰᠡᠨ ᠦᠨᠳᠦᠰᠦᠲᠡᠨ ᠤ ᠪᠤᠯᠪᠠᠰᠤᠷᠠᠯ ᠰᠢᠨᠵᠢᠯᠡᠬᠦ ᠤᠬᠠᠭᠠᠨ ᠵᠢᠴᠢ ᠰᠤᠶᠤᠯ ᠤᠨ ᠪᠠᠶᠢᠭᠤᠯᠤᠯᠭ᠎ᠠ ᠍ ᠶᠢᠨ ᠳᠡᠯᠡᠬᠡᠢ ᠶᠢᠨ ᠥᠪ ᠦᠨ ᠬᠣᠷᠢᠶᠠᠨ ᠠᠴᠠ ᠲᠤᠬᠠᠢ ᠶᠢᠨ ᠭᠠᠵᠠᠷ ᠢ ᠳᠡᠯᠡᠬᠡᠢ ᠶᠢᠨ ᠥᠪ ᠲᠦ ᠲᠣᠳᠣᠷᠬᠠᠶᠢᠯᠠᠬᠤ ᠡᠰᠡᠬᠦ ᠶᠢ ᠬᠡᠯᠡᠯᠴᠡᠨ᠎ᠡ
ᠲᠤᠰ ᠬᠣᠷᠢᠶᠠᠨ ᠠᠴᠠ ᠰᠢᠢᠳᠪᠦᠷᠢ ᠭᠠᠷᠭᠠᠨ᠎ᠠ
ᠠᠯᠪᠠᠨ ᠶᠣᠰᠣᠭᠠᠷ ᠪᠦᠷᠢᠳᠬᠡᠨ᠎ᠡ

ᠪᠦᠷᠢᠳᠬᠡᠭᠦᠯᠦᠭᠰᠡᠨ ᠦ ᠳᠠᠷᠠᠭ᠎ᠠ ᠬᠠᠮᠠᠭᠠᠯᠠᠯᠲᠠ ᠶᠢᠨ ᠪᠠᠶᠢᠳᠠᠯ ᠢ 6 ᠵᠢᠯ ᠲᠤᠲᠤᠮ ᠢᠯᠡᠳᠬᠡᠵᠦ᠂ ᠳᠡᠯᠡᠬᠡᠢ ᠶᠢᠨ ᠥᠪ ᠦᠨ ᠬᠣᠷᠢᠶᠠᠨ ᠳᠤ ᠰᠢᠯᠭᠠᠭᠤᠯᠬᠤ ᠡᠭᠦᠷᠭᠡ ᠲᠡᠢ ᠪᠠᠶᠢᠳᠠᠭ᠃


ᠪᠦᠷᠢᠳᠭᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠠᠶᠢᠷᠢᠰᠢᠯ #592: ᠪᠣᠷᠣᠪᠤᠳᠤᠷ᠂ (ᠢᠨᠳᠥᠶᠢᠨᠧᠽᠢ)

2009 ᠤᠨ ᠤ ᠬᠣᠶᠠᠳᠤᠭᠠᠷ ᠰᠠᠷ᠎ᠠ ᠶᠢᠨ 5 ᠍ ᠤ ᠪᠠᠶᠢᠳᠠᠯ ᠢᠶᠠᠷ ᠲᠡᠯᠡᠬᠡᠢ ᠶᠢᠨ145 ᠣᠷᠣᠨ ᠤ ᠨᠤᠲᠤᠭ ᠲᠤ ᠤᠷᠤᠰᠢᠬᠤ 878 ᠳᠡᠯᠡᠬᠡᠢ ᠶᠢᠨ ᠥᠪ ᠪᠦᠷᠢᠳᠬᠡᠭᠳᠡᠭᠰᠡᠨ ᠪᠠᠶᠢᠭ᠎ᠠ ᠪᠢᠯᠡ᠃ ᠡᠳᠡᠭᠡᠷ ᠦᠨ 679 ᠨᠢ ᠰᠤᠶᠤᠯ ᠤᠨ᠂ 174 ᠨᠢ ᠪᠠᠶᠢᠭᠠᠯᠢ  ᠶᠢᠨ ᠂ 25 ᠨᠢ ᠬᠣᠣᠰᠯᠠᠮᠠᠯ ᠰᠢᠨᠵᠢ ᠴᠢᠨᠠᠷᠲᠠᠢ ᠶᠤᠮ᠃ United Nations Educational Scientific and Cultural Organization ᠍ ᠠᠴᠠ ᠳᠡᠯᠡᠬᠡᠢ ᠶᠢᠨ ᠡᠨᠡᠬᠦ ᠥᠪ ᠦᠳ ᠢ ᠭᠠᠵᠠᠷ ᠵᠦᠢ ᠶᠢᠨ ᠪᠥᠰᠡ ᠨᠤᠲᠤᠭ ᠤᠳ ᠢᠶᠠᠷ ᠨᠢ ᠠᠩᠭᠢᠯᠠᠬᠤ ᠨᠢ ᠡᠯᠪᠡᠭ ᠪᠠᠶᠢᠳᠠᠭ᠃ ᠲᠤᠬᠠᠶᠢᠯᠠᠪᠠᠯ: ᠠᠹᠷᠢᠺᠠ  ᠶᠢᠨ ᠪᠥᠰᠡ᠂ ᠠᠷᠠᠪ ᠍ ᠤᠨ ᠤᠯᠤᠰ ᠤᠳ ᠤᠨ ᠪᠥᠰᠡ (ᠤᠮᠠᠷᠠᠳᠤ ᠠᠹᠷᠢᠺᠠᠣᠶᠢᠷᠠᠬᠢ ᠳᠣᠷᠣᠨᠠᠲᠤ ᠍ ᠤᠨ ᠤᠯᠤᠰ ᠤᠳ ᠢ ᠣᠷᠣᠭᠤᠯᠤᠭᠠᠳ); ᠠᠽᠢᠶ᠎ᠠ᠂ ᠨᠣᠮᠣᠬᠠᠨ ᠳᠠᠯᠠᠢ ᠶᠢᠨ ᠪᠥᠰᠡ (ᠠᠦ᠋ᠰᠲ᠋ᠷᠯᠢᠶ᠎ᠠ ᠪᠠ ᠳᠠᠯᠠᠢ ᠶᠢᠨ ᠣᠷᠣᠨ ᠨᠤᠭᠤᠳ ᠍ ᠢ ᠣᠷᠣᠭᠤᠯᠤᠭᠠᠳ); ᠧᠦ᠋ᠷᠣᠫᠠ᠂ ᠤᠮᠠᠷᠠᠳᠤ ᠠᠮᠧᠷᠢᠺᠠ ᠶᠢᠨ ᠪᠥᠰᠡ (ᠣᠷᠣᠰ ᠬᠣᠯᠪᠣᠭᠠᠨ ᠤ ᠤᠯᠤᠰ ᠪᠠ ᠺᠠᠸᠺᠠᠰ  ᠤᠨ ᠤᠯᠤᠰ ᠤᠳ ᠢ ᠣᠷᠣᠭᠤᠯᠤᠭᠠᠳ); ᠯᠠᠲ᠋ᠢᠨ ᠠᠮᠧᠷᠢᠺᠠ ᠪᠣᠯᠤᠨ ᠺᠠᠷᠠᠪ ᠤᠨ ᠪᠥᠰᠡ ᠭᠡᠵᠦ 5 ᠠᠩᠭᠢᠯᠠᠨ᠎ᠠ᠃ ᠭᠡᠬᠦ ᠳᠦ ᠪᠡᠨ ᠭᠠᠵᠠᠷ ᠵᠦᠢ ᠶᠢᠨ ᠪᠦᠰᠡᠴᠢᠯᠡᠯ ᠭᠡᠬᠦ ᠡᠴᠡ ᠪᠡᠨ ᠢᠯᠡᠭᠦᠦ ᠲᠡᠢ ᠪᠡᠷ ᠲᠤᠬᠠᠢ ᠶᠢᠨ ᠭᠠᠵᠠᠷ ᠨᠤᠲᠤᠭ ᠢ ᠵᠠᠰᠠᠭ᠂ ᠵᠠᠬᠢᠷᠭᠠᠨ ᠤ ᠣᠨᠴᠠᠯᠢᠭ ᠢ ᠬᠠᠷᠠᠭᠠᠯᠵᠠᠭᠰᠠᠨ ᠪᠠᠶᠢᠳᠠᠭ᠃ ᠵᠢᠱᠢᠶ᠎ᠡ ᠨᠢ ᠭᠤ ᠠᠷᠠᠯ ᠨᠢ ᠡᠮᠦᠨᠡᠲᠦ ᠠᠲ᠋ᠯᠠᠨᠲ  ᠤᠨ ᠳᠠᠯᠠᠢ ᠳᠤ ᠣᠷᠣᠰᠢᠳᠠᠭ ᠴᠤ᠂ ᠠᠩᠭᠯᠢ  ᠦᠨ ᠡᠵᠡᠮᠰᠢᠯ ᠲᠤᠯᠠ ᠧᠦ᠋ᠷᠣᠫᠠ᠂ ᠤᠮᠠᠷᠠᠳᠤ ᠠᠮᠧᠷᠢᠺᠠ ᠶᠢᠨ ᠪᠥᠰᠡ ᠳᠦ ᠬᠠᠮᠤᠷᠤᠭᠳᠠᠳᠠᠭ᠃

ᠬᠦᠰᠦᠨᠦᠭᠲᠦ ᠪᠡᠷ ᠦᠵᠡᠭᠦᠯᠪᠡᠯ:

ᠪᠥᠰᠡ ᠨᠦᠭᠦᠳ ᠪᠠᠶᠢᠭᠠᠯᠢ ᠶᠢᠨ ᠰᠤᠶᠤᠯ ᠤᠨ ᠬᠣᠣᠰᠯᠠᠮᠠᠯ ᠨᠡᠶᠢᠲᠡ  %
ᠠᠹᠷᠢᠺᠠ 33 40 3 76 9%
ᠠᠷᠠᠪ ᠤᠨ ᠤᠯᠤᠰ ᠤᠳ 4 60 1 65 7%
ᠠᠽᠢᠶ᠎ᠠ-ᠨᠣᠮᠣᠬᠠᠨ ᠳᠠᠯᠠᠢ 48 125 9 182 21%
ᠧᠦ᠋ᠷᠣᠫᠠ & ᠤᠮᠠᠷᠠᠳᠤ ᠠᠮᠧᠷᠢᠺᠠ 54 372 9 435 450%
ᠯᠠᠲ᠋ᠢᠨ ᠠᠮᠧᠷᠢᠺᠠ & ᠺᠠᠷᠠᠪ ᠤᠨ ᠲᠡᠩᠭᠢᠰ 35 82 3 120 14%


ᠰᠤᠶᠤᠯ ᠤᠨ ᠥᠪ ᠦᠨ ᠰᠢᠯᠭᠠᠭᠤᠷ[ᠵᠠᠰᠠᠪᠤᠷᠢᠯᠠᠬᠤ | ᠺᠣᠳ᠋ ᠢᠶᠠᠷ ᠵᠠᠰᠠᠬᠣ]

  • I. "to represent a masterpiece of human creative genius";
  • II. "to exhibit an important interchange of human values, over a span of time or within a cultural area of the world, on developments in architecture or technology, monumental arts, town-planning or landscape design";
  • III. "to bear a unique or at least exceptional testimony to a cultural tradition or to a civilization which is living or which has disappeared";
  • IV. "to be an outstanding example of a type of building, architectural or technological ensemble or landscape which illustrates (a) significant stage(s) in human history";
  • V. "to be an outstanding example of a traditional human settlement, land-use, or sea-use which is representative of a culture (or cultures), or human interaction with the environment especially when it has become vulnerable under the impact of irreversible change";
  • VI. "to be directly or tangibly associated with events or living traditions, with ideas, or with beliefs, with artistic and literary works of outstanding universal significance. (The Committee considers that this criterion should preferably be used in conjunction with other criteria)";

development of landforms, or significant geomorphic or physiographic features";

  • IX. "to be outstanding examples representing significant on-going ecological and biological processes in the evolution and development of terrestrial, fresh water, coastal and marine ecosystems and communities of plants and animals";
  • X. "to contain the most important and significant natural habitats for in-site conservation of biological diversity, including those containing threatened species of outstanding universal value from the point of view of science or conservation."


ᠪᠠᠶᠢᠭᠠᠯᠢ ᠶᠢᠨ ᠥᠪ ᠦᠨ ᠰᠢᠯᠭᠠᠭᠤᠷ[ᠵᠠᠰᠠᠪᠤᠷᠢᠯᠠᠬᠤ | ᠺᠣᠳ᠋ ᠢᠶᠠᠷ ᠵᠠᠰᠠᠬᠣ]

  • VII. "to contain superlative natural phenomena or areas of exceptional natural beauty and aesthetic importance";
  • VIII. "to be outstanding examples representing major stages of earth's history, including the record of life, significant on-going geological processes in the

ᠳᠡᠯᠡᠬᠡᠢ ᠶᠢᠨ ᠥᠪ ᠦᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠭᠠᠳᠤ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠵᠠᠭᠪᠤᠷ:Link FA sv

ᠪᠢᠴᠢᠭᠡᠰᠦ