ᠳᠡᠯᠡᠬᠡᠢ ᠶᠢᠨ ᠪᠠᠩᠬᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠳᠡᠯᠡᠬᠡᠢ ᠶᠢᠨ ᠪᠠᠩᠬᠢ
World-Bank-Logo3.jpg
ᠳᠡᠯᠡᠬᠡᠢ ᠶᠢᠨ ᠪᠠᠩᠬᠢ ᠶᠢᠨ logo
ᠤᠷᠢᠶ᠎ᠠ 为一个没有贫困的世界而努力 Working for a World Free of Poverty
ᠪᠠᠶᠢᠭᠤᠯᠤᠭᠳᠠᠭᠰᠠᠨ 1944 ᠣᠨ ᠤ 7 ᠰᠠᠷ᠎ᠠ
ᠲᠥᠷᠥᠯ ᠣᠯᠠᠨ ᠤᠯᠤᠰ ᠤᠨ ᠪᠠᠶᠢᠭᠤᠯᠤᠯᠭ᠎ᠠ
ᠵᠣᠷᠢᠯᠲᠠ/ᠴᠢᠭᠯᠡᠯ ᠶᠠᠳᠠᠭᠤᠷᠠᠯ ᠤᠨ ᠡᠰᠡᠷᠬᠦ
ᠲᠥᠪ ᠪᠠᠶᠢᠷᠢ ᠠᠮᠧᠷᠢᠺᠠ ᠶᠢᠨ ᠨᠢᠭᠡᠳᠦᠭᠰᠡᠨ ᠤᠯᠤᠰᠸᠠᠰᠢᠩᠲ᠋ᠣᠨ
ᠭᠡᠰᠢᠭᠦᠳ 188 ᠣᠷᠣᠨ
ᠶᠡᠷᠦᠩᠬᠡᠶᠢᠯᠡᠭᠴᠢ Jim Yong Kim
ᠡᠴᠢᠭᠡ ᠪᠠᠶᠢᠭᠤᠯᠤᠯᠭ᠎ᠠ ᠳᠡᠯᠡᠬᠡᠢ ᠶᠢᠨ ᠪᠠᠩᠬᠢ ᠶᠢᠨ ᠭᠦᠷᠦᠫ ︵世界銀行集團︶
ᠴᠠᠬᠢᠮ ᠰᠦᠯᠵᠢᠶ᠎ᠡ worldbank.org

ᠳᠡᠯᠡᠬᠡᠢ ᠶᠢᠨ ᠪᠠᠩᠬᠢᠠᠩᠭᠯᠢ ᠪᠠᠷ World Bank) ᠨᠢ ᠬᠥᠭᠵᠢᠵᠦ ᠪᠤᠢ ᠣᠷᠣᠨ ᠨᠤᠭᠤᠳ ᠲᠤ ᠶᠠᠳᠠᠭᠤᠷᠠᠯ ᠢ ᠪᠠᠭᠤᠷᠠᠭᠤᠯᠬᠤ ᠵᠣᠷᠢᠯᠭ᠎ᠠ ᠪᠠᠷ ᠵᠢᠭᠡᠯᠡᠯᠭᠡ ᠲᠤᠰᠠᠯᠠᠮᠵᠢ ᠣᠯᠭᠤᠳᠠᠭ ᠪᠠᠩᠬᠢ ᠶᠤᠮ᠃ ᠳᠡᠯᠡᠬᠡᠢ ᠶᠢᠨ ᠪᠠᠩᠬᠢ ᠨᠢ ᠠᠩᠬ᠎ᠠ "ᠰᠡᠷᠭᠦᠭᠡᠨ ᠪᠣᠰᠬᠠᠯᠲᠠ᠂ ᠬᠥᠭᠵᠢᠯ ᠦᠨ ᠣᠯᠠᠨ ᠤᠯᠤᠰ ᠤᠨ ᠪᠠᠩᠬᠢ" ᠨᠡᠷ᠎ᠡ ᠲᠡᠢ ᠪᠡᠷ 1944 ᠣᠨ ᠳᠤ ᠡᠭᠦᠰᠬᠡᠨ ᠪᠠᠶᠢᠭᠤᠯᠤᠭᠳᠠᠭᠰᠠᠨ᠃ ᠠᠩᠬ᠎ᠠ ᠦᠢᠯᠡ ᠠᠵᠢᠯᠯᠠᠭ᠎ᠠ ᠶᠢ ᠪᠠᠨ ᠳᠡᠯᠡᠬᠡᠢ ᠶᠢᠨ ᠬᠣᠶᠠᠳᠤᠭᠠᠷ ᠳᠠᠶᠢᠨ ᠤ ᠳᠠᠷᠠᠭᠠᠬᠢ ᠰᠡᠷᠭᠦᠭᠡᠨ ᠪᠣᠰᠬᠠᠯᠲᠠ ᠶᠢᠨ ᠠᠵᠢᠯ ᠢ ᠬᠤᠷᠳᠤᠪᠴᠢᠯᠠᠭᠤᠯᠬᠤ ᠵᠣᠷᠢᠯᠭ᠎ᠠ ᠲᠠᠢ ᠪᠠᠷ ᠡᠬᠢᠯᠡᠵᠦ ᠂ ᠲᠤᠬᠠᠢ ᠶᠢᠨ ᠦᠶ᠎ᠡ ᠳᠦ ᠳᠡᠯᠡᠬᠡᠢ ᠶᠢᠨ ᠪᠠᠩᠬᠢ 38 ᠭᠡᠰᠢᠭᠦᠨ ᠲᠡᠢ ᠪᠠᠶᠢᠭᠰᠠᠨ ᠪᠣᠯ ᠣᠳᠣ 188 ᠭᠡᠰᠢᠭᠦᠨ ᠲᠡᠢ ᠪᠣᠯᠤᠭᠰᠠᠨ ᠨᠢ ᠳᠡᠯᠡᠬᠡᠢ ᠶᠢᠨ ᠤᠯᠤᠰ ᠣᠷᠣᠨ ᠨᠤᠭᠤᠳ ᠤᠨ ᠪᠠᠷᠤᠭ ᠪᠥᠭᠥᠳᠡᠭᠡᠷ ᠢ ᠪᠠᠭᠲᠠᠭᠠᠭᠰᠠᠨ ᠪᠠᠶᠢᠨ᠎ᠠ᠃ ᠭᠡᠰᠢᠭᠦᠨ ᠤᠯᠤᠰ ᠤᠳ ᠤᠨ ᠲᠣᠭ᠎ᠠ ᠨᠡᠮᠡᠭᠳᠡᠵᠦ ᠲᠡᠳᠡᠨ ᠦ ᠬᠡᠷᠡᠭᠴᠡᠭᠡ ᠥᠭᠡᠷᠡᠴᠢᠯᠡᠭᠳᠡᠬᠦ ᠶᠢᠨ ᠬᠢᠷᠢ ᠪᠡᠷ ᠳᠡᠯᠡᠬᠡᠢ ᠶᠢᠨ ᠪᠠᠩᠬᠢ ᠥᠷᠭᠡᠵᠢᠨ ᠳᠡᠯᠭᠡᠷᠡᠭᠰᠡᠭᠡᠷ ᠣᠳᠣ  ᠲᠠᠪᠤᠨ ᠪᠠᠶᠢᠭᠤᠯᠤᠯᠭ᠎ᠠ ᠠᠴᠠ ᠪᠥᠷᠢᠳᠴᠦ ᠪᠠᠶᠢᠭ᠎ᠠ ᠪᠥᠭᠡᠳ ᠣᠶᠢᠷᠠᠯᠴᠠᠭ᠎ᠠ ᠪᠠᠷ 100 ᠣᠷᠣᠨ ᠳᠤ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠶᠢᠨ᠎ᠠ᠃ ᠮᠥᠨ ᠳᠡᠯᠡᠬᠡᠢ ᠳᠠᠶᠠᠭᠠᠷ 10600 ᠣᠷᠴᠢᠮ ᠠᠵᠢᠯᠴᠢᠳ ᠲᠠᠢ ᠪᠠ ᠲᠤᠰ ᠪᠠᠩᠬᠢ ᠶᠢᠨ ᠳᠠᠪᠠᠭᠤ ᠲᠠᠯ᠎ᠠ ᠤᠳ ᠤᠨ ᠨᠢᠭᠡ ᠨᠢ ᠣᠯᠠᠨ ᠤᠯᠤᠰ ᠣᠷᠣᠨ ᠤ ᠠᠵᠢᠯᠲᠠᠨ ᠨᠤᠭᠤᠳ ᠢᠶᠠᠷ ᠬᠤᠷᠠᠮᠳᠤᠭᠤᠯᠤᠭᠰᠠᠨ ᠣᠯᠠᠨ ᠤᠯᠤᠰ ᠤᠨ ᠳᠠᠳᠤᠯᠭ᠎ᠠ ᠲᠤᠷᠰᠢᠯᠭ᠎ᠠ ᠶᠤᠮ᠃

ᠳᠡᠯᠡᠬᠡᠢ ᠶᠢᠨ ᠪᠠᠩᠬᠢ ᠶᠢᠨ ᠪᠦᠲᠦᠴᠡ ᠵᠣᠬᠢᠶᠠᠨ ᠪᠠᠶᠢᠭᠤᠯᠤᠯᠲᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠡᠯᠡᠬᠡᠢ ᠶᠢᠨ ᠪᠠᠩᠬᠢ ᠶᠢᠨ ᠲᠥᠪ ᠪᠠᠶᠢᠷᠢ

ᠳᠡᠯᠡᠬᠡᠢ ᠶᠢᠨ ᠪᠠᠩᠬᠢ ᠬᠥᠭᠵᠢᠯ ᠦᠨ ᠢᠶᠡᠨ ᠶᠠᠪᠤᠴᠠ ᠳᠤ ᠢᠯᠡᠭᠦᠦ ᠲᠣᠮᠣ᠂ ᠥᠷᠭᠡᠨ ᠴᠠᠷ᠎ᠠ ᠬᠦᠷᠢᠶ᠎ᠡ ᠲᠡᠢ᠂ ᠪᠦᠲᠦᠴᠡ ᠶᠢᠨ ᠬᠤᠪᠢ ᠳᠤ ᠢᠯᠡᠭᠦᠦ ᠡᠭᠡᠳᠡᠷᠡᠭᠡ ᠲᠡᠢ ᠪᠠᠶᠢᠭᠤᠯᠤᠯᠭ᠎ᠠ ᠪᠣᠯᠵᠤ ᠬᠤᠪᠢᠷᠠᠵᠠᠢ᠃ ᠣᠳᠣ ᠪᠠᠷ ᠳᠡᠯᠡᠬᠡᠢ ᠨᠡᠶᠢᠲᠡ ᠶᠢᠨ ᠪᠠᠩᠬᠢ ᠶᠢᠨ ᠭᠦᠷᠦᠫ ︵集团︶ ᠪᠣᠯᠤᠨ ᠥᠷᠭᠡᠵᠢᠵᠦ ᠬᠣᠭᠣᠷᠣᠨᠳᠣ ᠪᠠᠨ ᠨᠢᠭᠲᠠᠴᠠ ᠬᠣᠯᠪᠣᠭ᠎ᠠ ᠪᠦᠬᠦᠢ ᠳᠠᠷᠠᠭᠠᠬᠢ 5 ᠪᠠᠶᠢᠭᠤᠯᠤᠯᠭ᠎ᠠ ᠶᠢ ᠥᠪᠡᠷᠲᠡᠭᠡᠨ ᠨᠢᠭᠡᠳᠬᠡᠭᠰᠡᠨ ᠪᠠᠶᠢᠨ᠎ᠠ᠃

  • ᠬᠥᠭᠵᠢᠯ ᠰᠢᠨᠡᠴᠢᠯᠡᠯ ᠦᠨ ᠣᠯᠠᠨ ᠤᠯᠤᠰ ᠤᠨ ᠪᠠᠩᠬᠢ (国际复兴开发银行(IBRD))
  • ᠣᠯᠠᠨ ᠤᠯᠤᠰ ᠤᠨ ᠬᠥᠭᠵᠢᠯ ᠦᠨ ᠠᠰᠰᠣᠴᠢᠶᠠᠴᠢ (国际开发协会(IDA))
  • ᠣᠯᠠᠨ ᠤᠯᠤᠰ ᠤᠨ ᠰᠠᠩᠬᠦᠦ ᠶᠢᠨ ᠺᠣᠷᠫᠣᠷᠠᠼᠢ (国际金融公司(IFC))
  • ᠬᠥᠷᠥᠩᠭᠡ ᠣᠷᠣᠭᠤᠯᠤᠯᠲᠠ ᠶᠢ ᠪᠠᠲᠤᠯᠠᠭᠠᠵᠢᠭᠤᠯᠬᠤ ᠣᠯᠠᠨ ᠲᠠᠯᠠᠲᠤ ᠠᠭᠧᠨᠲᠯᠢᠭ (多边投资担保机构(MIGA))
  • ᠬᠥᠷᠥᠩᠭᠡ ᠣᠷᠣᠭᠤᠯᠤᠯᠲᠠ ᠶᠢᠨ ᠮᠠᠷᠭᠤᠭᠠᠨ ᠢ ᠵᠣᠬᠢᠴᠠᠭᠤᠯᠬᠤ ᠣᠯᠠᠨ ᠤᠯᠤᠰ ᠤᠨ ᠲᠥᠪ (国际投资争端解决中心(ICSID))

ᠳᠡᠯᠡᠬᠡᠢ ᠶᠢᠨ ᠪᠠᠩᠬᠢ ᠶᠢᠨ ᠭᠡᠰᠢᠭᠦᠨ ᠤᠯᠤᠰ ᠤᠳ ᠬᠤᠪᠢᠴᠠᠭ᠎ᠠ ᠡᠵᠡᠮᠰᠢᠭᠴᠢ ᠶᠢᠨ ᠪᠠᠶᠢᠷᠢ ᠰᠠᠭᠤᠷᠢ ᠲᠠᠢ ᠪᠠᠶᠢᠵᠤ ᠪᠠᠩᠬᠢ ᠶᠢ ᠬᠣᠷᠰᠢᠶ᠎ᠠ ᠪᠠᠶᠢᠳᠠᠯ ᠢᠶᠠᠷ ᠤᠳᠤᠷᠢᠳᠤᠨ ᠵᠣᠬᠢᠶᠠᠨ ᠪᠠᠶᠢᠭᠤᠯᠳᠠᠭ᠃ ᠨᠢᠭᠡ ᠤᠯᠤᠰ ᠤᠨ ᠡᠵᠡᠮᠰᠢᠯ ᠳᠦ ᠪᠠᠶᠢᠭ᠎ᠠ ᠬᠤᠪᠢᠴᠠᠭᠠᠨ ᠤ ᠲᠣᠭ᠎ᠠ ᠣᠶᠢᠷᠠᠯᠴᠠᠭ᠎ᠠ ᠪᠠᠷ ᠲᠤᠬᠠᠢ ᠶᠢᠨ ᠤᠯᠤᠰ ᠤᠨ ᠡᠳ᠋ ᠍ ᠦᠨ ᠵᠠᠰᠠᠭ ᠤᠨ ᠬᠡᠮᠵᠢᠶᠡᠨ ᠳᠡᠭᠡᠷ᠎ᠡ ᠦᠨᠳᠦᠰᠦᠯᠡᠭᠰᠡᠨ ᠪᠠᠶᠢᠳᠠᠭ᠃ ᠭᠡᠰᠢᠭᠦᠨ ᠵᠠᠰᠠᠭ ᠤᠨ ᠭᠠᠵᠠᠷ ᠪᠦᠷ ᠭᠦᠢᠴᠡᠳᠭᠡᠬᠦ ᠵᠠᠬᠢᠷᠤᠯ ᠢᠶᠠᠷ ᠲᠥᠯᠥᠭᠡᠯᠡᠭᠳᠡᠭᠰᠡᠨ ᠪᠠᠶᠢᠳᠠᠭ᠃ ᠬᠠᠮᠤᠭ ᠤᠨ ᠲᠣᠮᠣ ᠲᠠᠪᠤᠨ ᠬᠤᠪᠢᠴᠠᠭ᠎ᠠ ᠡᠵᠡᠮᠰᠢᠭᠴᠢᠳ (ᠹᠷᠠᠨᠼᠢ᠂ ᠭᠧᠷᠮᠠᠨ᠂ ᠶᠠᠫᠣᠨ᠂ ᠶᠡᠬᠡ ᠪᠷᠢᠲ᠋ᠠᠨᠢ᠂ ᠠᠮᠧᠷᠢᠺᠠ ᠶᠢᠨ ᠨᠢᠭᠡᠳᠦᠭᠰᠡᠨ ᠤᠯᠤᠰ) ᠲᠤᠰ ᠪᠦᠷᠢ ᠨᠢᠭᠡ ᠭᠦᠢᠴᠡᠳᠭᠡᠬᠦ ᠵᠠᠬᠢᠷᠤᠯ ᠲᠣᠮᠢᠯᠠᠳᠠᠭ ᠪᠣᠯ ᠪᠤᠰᠤᠳ ᠭᠡᠰᠢᠭᠦᠨ ᠤᠯᠤᠰ ᠤᠳ ᠢ 19 ᠭᠦᠢᠴᠡᠳᠭᠡᠬᠦ ᠵᠠᠬᠢᠷᠤᠯ ᠤᠳ ᠲᠥᠯᠦᠭᠡᠯᠡᠳᠡᠭ᠃ [1]

ᠳᠡᠯᠡᠬᠡᠢ ᠶᠢᠨ ᠪᠠᠩᠬᠢ ᠶᠢᠨ ᠦᠢᠯᠡ ᠠᠵᠢᠯᠯᠠᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠡᠯᠡᠬᠡᠢ ᠶᠢᠨ ᠪᠠᠩᠬᠢ ᠨᠢ ᠥᠪᠡᠷ ᠦᠨ ᠭᠡᠰᠢᠭᠦᠨ ᠣᠷᠣᠨ ᠨᠤᠭᠤᠳ ᠤᠨ ᠵᠠᠰᠠᠭ ᠤᠨ ᠭᠠᠵᠠᠷ ᠲᠤ ᠲᠡᠳᠡᠭᠡᠷ ᠦᠨ ᠰᠤᠷᠭᠠᠭᠤᠯᠢ᠂ ᠡᠷᠡᠭᠦᠯ ᠮᠡᠨᠳᠦ ᠶᠢᠨ ᠲᠥᠪ ᠦᠳ ᠲᠦ ᠬᠥᠷᠥᠩᠭᠡ ᠣᠷᠤᠭᠤᠯᠬᠤ᠂ ᠤᠰᠤ ᠴᠠᠬᠢᠯᠭᠠᠨ ᠢᠶᠠᠷ ᠬᠠᠩᠭᠠᠬᠤ᠂ ᠡᠪᠡᠳᠴᠢᠨ ᠡᠮᠭᠡᠭ ᠲᠡᠢ ᠲᠡᠮᠡᠴᠡᠬᠦ᠂ ᠪᠠᠶᠢᠭᠠᠯᠢ ᠣᠷᠴᠢᠨ ᠢ ᠬᠠᠮᠠᠭᠠᠯᠠᠬᠤ ᠴᠢᠭᠯᠡᠯ ᠢᠶᠡᠷ ᠬᠢᠵᠦ ᠪᠤᠢ ᠠᠵᠢᠯ ᠳᠤ ᠳᠡᠮᠵᠢᠯᠭᠡ ᠲᠤᠰᠠᠯᠠᠯᠴᠠᠭ᠎ᠠ ᠦᠵᠡᠭᠦᠯᠡᠳᠡᠭ ᠳᠡᠯᠡᠬᠡᠢ ᠶᠢᠨ ᠬᠠᠮᠤᠭ ᠤᠨ ᠲᠣᠮᠣ ᠬᠥᠷᠥᠩᠭᠡ ᠨᠥᠭᠡᠴᠡ᠂ ᠮᠡᠳᠡᠯᠭᠡ ᠶᠢᠨ ᠡᠬᠢ ᠡᠭᠦᠰᠪᠦᠷᠢ ᠨᠦᠭᠦᠳ ᠦᠨ ᠨᠢᠭᠡ ᠪᠢᠯᠡ᠃ ᠡᠨᠡᠬᠦ ᠳᠡᠮᠵᠢᠯᠭᠡ ᠲᠤᠰᠠᠯᠠᠯᠴᠠᠭ᠎ᠠ ᠶᠢ ᠳᠠᠷᠠᠭᠠᠬᠢ ᠪᠠᠶᠢᠳᠠᠯ ᠢᠶᠠᠷ ᠠᠩᠭᠢᠯᠠᠨ᠎ᠠ᠃

  • ᠲᠥᠰᠥᠯ ᠦᠨ ᠵᠢᠭᠡᠯᠡᠯᠭᠡ᠂
  • ᠬᠥᠲᠥᠯᠪᠦᠷᠢ ᠶᠢᠨ ᠵᠢᠭᠡᠯᠡᠯᠭᠡ᠂
  • ᠪᠤᠴᠠᠯᠲᠠ ᠦᠭᠡᠢ ᠲᠤᠰᠠᠯᠠᠮᠵᠢ᠂
  • ᠲᠡᠭᠦᠨᠴᠢᠯᠡᠨ ᠵᠥᠪᠯᠡᠯᠭᠡ᠂
  • ᠰᠤᠳᠤᠯᠭ᠎ᠠ ᠰᠢᠨᠵᠢᠯᠡᠭᠡ

ᠵᠢᠭᠡᠯᠡᠯᠭᠡ ᠠᠪᠴᠤ ᠪᠤᠢ ᠤᠯᠤᠰ ᠲᠤ ᠦᠵᠡᠭᠦᠯᠵᠦ ᠪᠤᠢ ᠪᠦᠬᠦ ᠳᠡᠮᠵᠢᠯᠭᠡ ᠲᠤᠰᠠᠯᠠᠯᠴᠠᠭᠠᠨ ᠳᠤ ᠨᠢᠭᠡ ᠪᠠᠶᠢᠯᠳᠣᠬᠣ ᠪᠣᠳᠣᠯᠭ᠎ᠠ ᠶᠢ ᠮᠥᠷᠳᠡᠯᠭᠡ ᠪᠣᠯᠭᠠᠳᠠᠭ ᠪᠠ ᠡᠨᠡᠬᠦ ᠪᠠᠶᠢᠯᠳᠣᠬᠣ ᠪᠣᠳᠣᠯᠭ᠎ᠠ ᠶᠢ ᠲᠤᠬᠠᠢ ᠶᠢᠨ ᠤᠯᠤᠰ ᠥᠪᠡᠷ ᠢᠶᠡᠨ ᠳᠡᠯᠡᠬᠡᠢ ᠶᠢᠨ ᠪᠠᠩᠬᠢ ᠪᠣᠯᠤᠨ ᠪᠤᠰᠤᠳ ᠳ᠋ᠣᠨᠤᠷ ᠤᠳ᠂ ᠪᠤᠴᠠᠯᠲᠠ ᠦᠭᠡᠢ ᠲᠤᠰᠠᠯᠠᠮᠵᠢ ᠶᠢᠨ ᠪᠦᠯᠦᠭ᠂ ᠢᠷᠭᠡᠨ ᠦ ᠨᠡᠶᠢᠭᠡᠮ ᠤᠨ ᠪᠠᠶᠢᠭᠤᠯᠤᠯᠭ᠎ᠠ ᠨᠤᠭᠤᠳ ᠤᠨ ᠲᠤᠰᠠᠯᠠᠯᠴᠠᠭ᠎ᠠ ᠲᠠᠢ ᠪᠠᠷ ᠪᠣᠯᠪᠠᠰᠤᠷᠠᠭᠤᠯᠵᠤ ᠭᠠᠷᠭᠠᠳᠠᠭ᠃

ᠵᠢᠭᠡᠯᠡᠯᠭᠡ ᠣᠯᠭᠣᠯᠲᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠡᠯᠡᠬᠡᠢ ᠶᠢᠨ ᠪᠠᠩᠬᠢ ᠨᠢ ᠡᠩ ᠦᠨ ᠪᠠᠩᠬᠢ ᠲᠠᠢ ᠠᠳᠠᠯᠢ ᠪᠠᠷ ᠮᠥᠩᠭᠥ ᠵᠢᠭᠡᠯᠡᠵᠦ ᠬᠥᠷᠥᠩᠭᠡ ᠤᠳᠤᠷᠢᠳᠥᠳᠠᠭ ᠴᠤ ᠬᠡᠳᠦ ᠬᠡᠳᠦᠨ ᠲᠠᠯ᠎ᠠ ᠪᠠᠷ ᠴᠢᠬᠤᠯᠠ ᠢᠯᠭᠠᠭ᠎ᠠ ᠲᠠᠢ᠃ ᠳᠡᠯᠡᠬᠡᠢ ᠶᠢᠨ ᠪᠠᠩᠬᠢ ᠠᠴᠠ ᠭᠡᠰᠢᠭᠦᠨ ᠣᠷᠣᠨ ᠨᠤᠭᠤᠳ ᠲᠠᠭᠠᠨ ᠥᠭᠴᠦ ᠪᠤᠢ ᠰᠠᠩᠬᠦᠦ ᠶᠢᠨ ᠲᠤᠰᠠᠯᠠᠯᠴᠠᠭ᠎ᠠ᠂ ᠳᠡᠮᠵᠢᠯᠭᠡ ᠵᠥᠪᠯᠡᠯᠭᠡ ᠨᠢ ᠲᠡᠳᠡᠭᠡᠷ ᠢ ᠶᠠᠳᠠᠭᠤᠷᠠᠯ ᠲᠠᠢ ᠲᠡᠮᠡᠴᠡᠬᠦ ᠳᠦ ᠨᠢ ᠵᠣᠷᠢᠭᠤᠯᠤᠭᠳᠠᠭᠰᠠᠨ ᠪᠠᠶᠢᠳᠠᠭ᠃ ᠮᠥᠨ ᠠᠷᠠᠯᠵᠢᠶᠠᠨ ᠤ ᠪᠠᠩᠬᠢ ᠠᠴᠠ ᠢᠯᠭᠠᠭ᠎ᠠ ᠲᠠᠢ ᠨᠢ ᠬᠥᠭᠵᠢᠯᠳᠦ ᠬᠦᠷᠬᠦ ᠵᠣᠷᠢᠭᠤᠯᠤᠯᠲᠠ ᠪᠠᠷ ᠠᠰᠢᠭᠯᠠᠬᠤ ᠬᠥᠷᠥᠩᠭᠡ ᠶᠢᠨ ᠡᠬᠢ ᠡᠭᠦᠰᠪᠦᠷᠢ ᠣᠯᠵᠤ ᠴᠢᠳᠠᠬᠤ ᠦᠭᠡᠢ ᠪᠠᠶᠢᠭ᠎ᠠ ᠣᠷᠣᠨ ᠨᠤᠭᠤᠳ ᠲᠤ ᠪᠠᠭ᠎ᠠ ᠬᠦᠦ ᠲᠠᠢ ᠡᠰᠡ ᠪᠥᠭᠡᠰᠦ ᠣᠭᠲᠣ ᠬᠦᠦ ᠦᠭᠡᠢ ᠵᠢᠭᠡᠯᠡᠯᠭᠡ ᠣᠯᠭᠣᠬᠤ ᠨᠢ ᠡᠯᠪᠡᠭ ᠪᠠᠶᠢᠳᠠᠭ᠃ ᠡᠩ ᠦᠨ ᠠᠷᠠᠯᠵᠢᠶᠠᠨ ᠤ ᠪᠠᠩᠬᠢ ᠲᠠᠢ ᠬᠠᠷᠢᠴᠠᠭᠤᠯᠬᠤ ᠳᠤ ᠵᠢᠭᠡᠯᠡᠯᠭᠡ ᠶᠢᠨ ᠤᠯᠭᠤᠬᠤ ᠬᠤᠭᠤᠴᠠᠭ᠎ᠠ ᠢᠯᠡᠭᠦᠦ ᠤᠷᠲᠤ ᠪᠠᠶᠢᠳᠠᠭ᠃ ᠵᠠᠷᠢᠮ ᠲᠣᠬᠢᠶᠠᠯᠳᠤᠯ ᠳᠤ 10 ᠵᠢᠯ ᠦᠨ ᠬᠤᠭᠤᠴᠠᠭᠠᠨ ᠳᠤ ᠵᠢᠭᠡᠯᠡᠯᠭᠡ ᠡᠷᠭᠢᠨ ᠲᠥᠯᠦᠵᠦ ᠡᠬᠢᠯᠡᠬᠦ ᠦᠭᠡᠢ ᠪᠠᠶᠢᠵᠤ ᠪᠣᠯᠤᠨ᠎ᠠ᠃ ᠳᠡᠯᠡᠬᠡᠢ ᠶᠢᠨ ᠪᠠᠩᠬᠢ ᠶᠢᠨ 250 ᠰᠠᠶ᠎ᠠ ᠳ᠋ᠣᠯᠯᠠᠷ ᠤᠨ ᠬᠡᠮᠵᠢᠶ᠎ᠡ ᠲᠡᠢ ᠠᠩᠬᠠᠨ ᠤ ᠵᠢᠭᠡᠯᠡᠯᠭᠡ 1947 ᠣᠨ ᠳᠤ ᠰᠡᠷᠭᠦᠭᠡᠨ ᠪᠣᠰᠬᠠᠯᠲᠠ ᠶᠢᠨ ᠵᠣᠷᠢᠭᠤᠯᠤᠯᠲᠠ ᠪᠠᠷ ᠹᠷᠠᠨᠼᠢ ᠤᠯᠤᠰ ᠲᠤ ᠣᠯᠭᠣᠭᠳᠠᠵᠤ ᠪᠠᠶᠢᠪᠠ᠃

ᠳᠡᠯᠡᠬᠡᠢ ᠶᠢᠨ ᠪᠠᠩᠬᠢ ᠦᠨᠳᠦᠰᠦᠨ ᠬᠣᠶᠠᠷ ᠲᠥᠷᠥᠯ ᠦᠨ ᠵᠢᠭᠡᠯᠡᠯᠭᠡ ᠣᠯᠭᠤᠳᠠᠭ

  • ᠣᠯᠠᠨ ᠲᠥᠷᠥᠯ ᠦᠨ ᠰᠠᠯᠪᠤᠷᠢ ᠳᠠᠬᠢ ᠨᠡᠶᠢᠭᠡᠮ ᠡᠳ᠋ ᠍ ᠦᠨ ᠵᠠᠰᠠᠭ ᠤᠨ ᠬᠥᠭᠵᠢᠯ ᠦᠨ ᠲᠥᠰᠥᠯ ᠢ ᠳᠡᠮᠵᠢᠬᠦ ᠪᠠᠷ᠎ᠠ᠂ ᠠᠵᠢᠯ᠂ ᠦᠢᠴᠢᠯᠡᠭᠡ ᠶᠢ ᠬᠤᠳᠠᠯᠳᠤᠨ ᠠᠪᠬᠤ ᠬᠥᠷᠥᠩᠭᠡ ᠣᠷᠣᠭᠤᠯᠤᠯᠲᠠ ᠶᠢᠨ ᠵᠢᠭᠡᠯᠡᠯᠭᠡ
  • ᠪᠠᠶᠢᠭᠤᠯᠤᠯᠭ᠎ᠠ ᠶᠢᠨ ᠪᠣᠳᠣᠯᠭ᠎ᠠ᠂ ᠰᠢᠨᠡᠴᠢᠯᠡᠯ ᠢ ᠳᠡᠮᠵᠢᠨ ᠲᠤᠬᠢᠷᠠᠭᠤᠯᠬᠤ ᠵᠢᠭᠡᠯᠡᠯᠭᠡ

ᠵᠢᠭᠡᠯᠡᠯᠭᠡ ᠲᠡᠢ ᠥᠭᠬᠦ ᠶᠢᠨ ᠲᠤᠯᠠᠳᠠ ᠳᠡᠯᠡᠬᠡᠢ ᠶᠢᠨ ᠪᠠᠩᠬᠢ ᠳᠠᠷᠠᠭᠠᠬᠢ ᠠᠵᠢᠯ ᠢ ᠬᠢᠵᠦ ᠭᠦᠢᠴᠡᠳᠭᠡᠳᠡᠭ᠃

  • ᠲᠥᠰᠥᠯ ᠡᠰᠡᠪᠡᠯ ᠬᠥᠲᠥᠯᠪᠦᠷᠢ ᠶᠢᠨ ᠬᠥᠭᠵᠢᠯ ᠦᠨ ᠵᠣᠷᠢᠯᠲᠠ ᠨᠤᠭᠤᠳ
  • ᠭᠠᠷᠴᠠ ᠪᠤᠶᠤ ᠦᠷ᠎ᠡ ᠳᠦᠩ᠂ ᠭᠦᠢᠴᠡᠳᠬᠡᠯ ᠦᠨ ᠦᠵᠡᠭᠦᠯᠦᠯᠲᠡ (ᠲᠥᠰᠥᠯ ᠦᠨ ᠦᠷ᠎ᠡ ᠨᠥᠯᠥᠭᠡ᠂ ᠠᠮᠵᠢᠯᠲᠠ ᠶᠢ ᠬᠡᠮᠵᠢᠬᠦ ᠵᠣᠷᠢᠯᠭ᠎ᠠ ᠲᠠᠢ)
  • ᠠᠮᠢᠳᠤᠷᠠᠯ ᠳᠤ ᠬᠡᠷᠡᠭᠵᠢᠭᠦᠯᠬᠦ ᠲᠥᠯᠥᠪᠯᠡᠭᠡ

ᠭᠡᠬᠦ ᠮᠡᠲᠦ ᠠᠰᠠᠭᠤᠳᠠᠯ ᠢᠶᠠᠷ ᠵᠢᠭᠡᠯᠡᠯᠭᠡ ᠠᠪᠴᠤ ᠪᠤᠢ ᠣᠷᠣᠨ ᠲᠠᠢ ᠲᠣᠬᠢᠷᠠᠯᠴᠠᠳᠠᠭ᠃ ᠵᠢᠭᠡᠯᠡᠯᠭᠡ ᠪᠠᠲᠤᠯᠠᠭᠳᠠᠵᠤ ᠬᠦᠴᠦᠨ ᠲᠡᠭᠦᠯᠳᠡᠷ ᠪᠣᠯᠤᠭᠰᠠᠨ ᠢᠶᠠᠷ ᠵᠢᠭᠡᠯᠡᠭᠴᠢ ᠳᠡᠯᠡᠬᠡᠢ ᠶᠢᠨ ᠪᠠᠩᠬᠢ ᠲᠠᠢ ᠲᠣᠬᠢᠷᠠᠭᠰᠠᠨ ᠨᠥᠬᠥᠴᠡᠯ ᠦᠨ ᠳᠠᠭᠠᠤ ᠲᠥᠰᠥᠯ ᠪᠣᠯᠤᠨ ᠬᠥᠲᠥᠯᠪᠦᠷᠢ ᠶᠢ ᠠᠮᠢᠳᠤᠷᠠᠯ ᠳᠤ ᠬᠡᠷᠡᠭᠵᠢᠭᠦᠯᠳᠡᠭ᠃ ᠳᠡᠯᠡᠬᠡᠢ ᠶᠢᠨ ᠪᠠᠩᠬᠢ ᠵᠢᠭᠡᠯᠡᠯᠭᠡ ᠲᠤᠰ ᠪᠦᠷᠢ ᠶᠢᠨ ᠠᠰᠢᠭᠯᠠᠯᠲᠠ ᠶᠢ ᠬᠢᠨᠠᠵᠤ ᠦᠷ᠎ᠡ ᠳ᠋ᠦᠩ ᠢ ᠦᠨᠡᠯᠡᠳᠡᠭ᠃ ᠪᠦᠬᠦ ᠵᠢᠭᠡᠯᠡᠯᠭᠡ ᠨᠦᠭᠦᠳ ᠦᠢᠯᠡ ᠠᠵᠢᠯᠯᠠᠭᠠᠨ ᠤ ᠪᠣᠳᠣᠯᠭ᠎ᠠ ᠶᠢᠨ ᠵᠢᠷᠤᠮ ᠢᠶᠠᠷ ᠵᠣᠬᠢᠴᠠᠭᠤᠯᠤᠭᠳᠠᠳᠠᠭ ᠪᠠ ᠡᠳᠡᠭᠡᠷ ᠵᠢᠷᠤᠮ ᠤᠳ ᠨᠢ ᠦᠢᠯᠡ ᠠᠵᠢᠯᠯᠠᠭ᠎ᠠ ᠶᠢ ᠡᠳ᠋ ᠍ ᠦᠨ ᠵᠠᠰᠠᠭ᠂ ᠰᠠᠩᠬᠦᠦ᠂ ᠨᠡᠶᠢᠭᠡᠮ᠂ ᠪᠠᠶᠢᠭᠠᠯᠢ ᠣᠷᠴᠢᠨ ᠤ ᠬᠤᠪᠢ ᠳᠤ ᠦᠨᠳᠦᠰᠦᠯᠡᠯ ᠲᠡᠢ ᠪᠠᠶᠢᠬᠤ ᠨᠥᠬᠥᠴᠡᠯ ᠢ ᠬᠠᠩᠭᠠᠵᠤ ᠥᠭᠳᠡᠭ᠃ [2]

ᠪᠤᠴᠠᠯᠲᠠ ᠦᠭᠡᠢ ᠲᠤᠰᠠᠯᠠᠮᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠤᠴᠠᠯᠲᠠ ᠦᠭᠡᠢ ᠲᠤᠰᠠᠯᠠᠮᠵᠢ ᠦᠵᠡᠭᠦᠯᠬᠦ ᠨᠢ ᠪᠠᠩᠬᠢ ᠶᠢᠨ ᠵᠢᠭᠡᠯᠡᠯᠭᠡ ᠶᠢᠨ ᠦᠢᠯᠡᠴᠢᠯᠡᠭᠡ ᠶᠢ ᠨᠥᠬᠥᠵᠦ ᠥᠭᠳᠡᠭ᠃ ᠪᠤᠴᠠᠯᠲᠠ ᠦᠭᠡᠢ ᠲᠤᠰᠠᠯᠠᠮᠵᠢ ᠨᠢ ᠰᠢᠨᠡᠯᠢᠭ ᠴᠢᠭᠢ ᠬᠠᠨᠳᠤᠯᠭ᠎ᠠ ᠪᠣᠯᠤᠨ ᠲᠧᠭᠨᠣᠯᠣᠭᠢ ᠪᠦᠬᠦᠢ ᠲᠤᠷᠰᠢᠯᠲᠠ ᠶᠢᠨ ᠲᠥᠰᠥᠯ ᠦᠨ ᠰᠠᠭᠤᠷᠢ ᠮᠥᠩᠭᠥ ᠪᠣᠯᠵᠤ ᠥᠭᠳᠡᠭ᠃ ᠪᠤᠴᠠᠯᠲᠠ ᠦᠭᠡᠢ ᠲᠤᠰᠠᠯᠠᠮᠵᠢ ᠨᠢ ᠪᠠᠩᠬᠢ ᠥᠪᠡᠷ ᠦᠨ ᠰᠠᠩᠬᠦᠦ ᠶᠢᠨ ᠪᠣᠯᠤᠨ ᠬᠦᠮᠦᠨ ᠦ ᠨᠥᠭᠡᠴᠡ ᠶᠢ ᠪᠡᠬᠢᠵᠢᠭᠦᠯᠬᠦ ᠳᠦ ᠲᠤᠰᠠᠲᠠᠢ ᠪᠠ ᠪᠥᠰᠡ ᠶᠢᠨ ᠪᠣᠯᠤᠨ ᠳᠠᠶᠠᠩ ᠳᠡᠯᠡᠬᠡᠢ ᠶᠢᠨ ᠨᠡᠶᠢᠲᠡᠯᠢᠭ ᠵᠣᠷᠢᠯᠭ᠎ᠠ ᠶᠢ ᠤᠷᠮᠠᠰᠢᠭᠤᠯᠤᠨ ᠳᠡᠮᠵᠢᠬᠦ ᠳᠦ ᠲᠦᠩᠰᠢ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠠᠵᠢᠯᠯᠠᠬᠤ ᠬᠥᠰᠢᠭᠦᠷᠭᠡ ᠪᠣᠯᠵᠤ ᠥᠭᠳᠡᠭ᠃ ᠳᠡᠯᠡᠬᠡᠢ ᠶᠢᠨ ᠪᠠᠩᠬᠢ ᠶᠢᠨ ᠬᠥᠭᠵᠢᠯ ᠦᠨ ᠪᠤᠴᠠᠯᠲᠠ ᠦᠭᠡᠢ ᠲᠤᠰᠠᠯᠠᠮᠵᠢ ᠶᠢᠨ ᠪᠠᠶᠢᠭᠤᠯᠤᠮᠵᠢ (ХБТБ) ᠨᠢ ᠪᠠᠩᠬᠢᠨ ᠤ ᠪᠤᠴᠠᠯᠲᠠ ᠦᠭᠡᠢ ᠲᠤᠰᠠᠯᠠᠮᠵᠢ ᠣᠯᠭᠣᠬᠤ ᠦᠢᠯᠡ ᠠᠵᠢᠯᠯᠠᠭᠠᠨ ᠤ ᠶᠡᠷᠦᠩᠬᠡᠢ ᠰᠲᠷᠠᠲ᠋ᠧᠭᠢ᠂ ᠬᠤᠪᠢᠶᠠᠷᠢᠯᠠᠯᠲᠠ᠂ ᠤᠳᠤᠷᠢᠳᠤᠯᠭ᠎ᠠ ᠵᠣᠬᠢᠶᠠᠨ ᠪᠠᠶᠢᠭᠤᠯᠤᠯᠲᠠ ᠶᠢ ᠬᠠᠩᠭᠠᠳᠠᠭ᠃ ХБТБ ᠬᠥᠳᠡᠭᠡ ᠶᠢᠨ ᠬᠥᠭᠵᠢᠯ᠂ ᠬᠦᠷᠢᠶᠡᠯᠡᠩ ᠪᠤᠢ ᠣᠷᠴᠢᠨ᠂ ᠡᠷᠡᠭᠦᠯ ᠮᠡᠨᠳᠦ᠂ ᠪᠣᠯᠪᠠᠰᠤᠷᠠᠯ᠂ ᠡᠳ᠋ ᠍ ᠦᠨ ᠵᠠᠰᠠᠭ ᠤᠨ ᠪᠣᠳᠣᠯᠭ᠎ᠠ ᠪᠣᠯᠤᠨ ᠬᠤᠪᠢ ᠤᠨ ᠬᠡᠪᠰᠢᠯ ᠦᠨ ᠬᠥᠭᠵᠢᠯ ᠵᠡᠷᠭᠡ ᠰᠠᠯᠪᠤᠷᠢ ᠳᠠᠬᠢ ᠬᠥᠲᠥᠯᠪᠦᠷᠢ ᠨᠦᠭᠦᠳ ᠢ ᠳᠡᠮᠵᠢᠵᠦ ᠢᠷᠡᠭᠰᠡᠨ᠃ [3]

ᠳ᠋ᠦᠩ ᠰᠢᠨᠵᠢᠯᠡᠭᠡ ᠬᠢᠬᠦ᠂ ᠵᠥᠪᠯᠡᠭᠡ ᠥᠭᠬᠦ ᠦᠢᠯᠡᠴᠢᠯᠡᠭᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠠᠩᠬᠢ ᠥᠪᠡᠷ ᠦᠨ ᠬᠥᠭᠵᠢᠯ ᠦᠨ ᠡᠷᠬᠢᠮ ᠵᠣᠷᠢᠯᠭ᠎ᠠ ᠶᠢ ᠳᠡᠮᠵᠢᠬᠦ ᠡᠭᠦᠳᠡᠨ ᠡᠴᠡ ᠥᠷᠭᠡᠨ ᠬᠦᠷᠢᠶᠡᠨ ᠦ ᠳ᠋ᠦᠩ ᠰᠢᠨᠵᠢᠯᠡᠭᠡ ᠬᠢᠬᠦ ᠪᠣᠯᠤᠨ ᠵᠥᠪᠯᠡᠭᠡ ᠥᠭᠬᠦ ᠦᠢᠯᠡ ᠠᠵᠢᠯᠯᠠᠭ᠎ᠠ ᠶᠢ ᠭᠦᠢᠴᠡᠳᠭᠡᠳᠡᠭ᠃ ᠬᠥᠭᠵᠢᠯ ᠦᠨ ᠡᠳ᠋ ᠍ ᠦᠨ ᠵᠠᠰᠠᠭ ᠤᠨ ᠳᠡᠳ᠋ ᠶᠡᠷᠦᠩᠬᠡᠶᠢᠯᠡᠭᠴᠢ ᠶᠢᠨ ᠪᠠᠭ ᠤᠨ ᠰᠤᠳᠤᠯᠭ᠎ᠠ ᠨᠢ ᠬᠦᠷᠢᠶᠡᠯᠡᠨ ᠪᠤᠢ ᠣᠷᠴᠢᠨ᠂ ᠶᠠᠳᠠᠭᠤᠷᠠᠯ᠂ ᠬᠤᠳᠠᠯᠳᠤᠭ᠎ᠠ ᠪᠣᠯᠤᠨ ᠳᠠᠶᠠᠭᠠᠷᠴᠢᠯᠠᠯ ᠵᠡᠷᠭᠡ ᠥᠷᠭᠡᠨ ᠬᠦᠷᠢᠶᠡᠨ ᠦ ᠠᠰᠠᠭᠤᠳᠠᠯ ᠢᠶᠠᠷ ᠪᠠᠩᠬᠢ ᠶᠢᠨ ᠠᠵᠢᠯ ᠢ ᠮᠡᠳᠡᠭᠡᠯᠡᠯ ᠢᠶᠡᠷ ᠬᠠᠩᠭᠠᠵᠤ ᠪᠠᠶᠢᠳᠠᠭ᠃ ᠲᠤᠬᠠᠢ ᠶᠢᠨ ᠤᠯᠤᠰ ᠣᠷᠣᠨ ᠳᠠᠬᠢ ᠦᠢᠯᠡᠴᠢᠯᠡᠭᠦᠯᠦᠭᠴᠢᠳ ᠲᠡᠳᠡᠨ ᠦ ᠬᠥᠭᠵᠢᠯ ᠦᠨ ᠣᠨᠴᠠᠯᠢᠭ ᠲᠤᠯᠭᠠᠮᠳᠠᠭᠰᠠᠨ ᠠᠰᠠᠭᠤᠳᠠᠯ ᠳᠤ ᠴᠢᠭᠯᠡᠭᠦᠯᠦᠨ ᠡᠳ᠋ ᠍ ᠦᠨ ᠵᠠᠰᠠᠭ ᠤᠨ ᠪᠣᠯᠤᠨ ᠰᠠᠯᠪᠤᠷᠢ ᠶᠢᠨ ᠠᠵᠢᠯ ᠤᠨᠨ ᠲᠤᠰᠬᠠᠢ ᠬᠥᠲᠥᠯᠪᠦᠷᠢ ᠶᠢᠨ ᠠᠰᠢᠭ ᠰᠢᠮ᠎ᠡ ᠶᠢ ᠬᠦᠷᠢᠲᠦᠳᠡᠭ᠃ ЭЗСА ᠨᠢ ᠤᠯᠤᠰ ᠣᠷᠣᠨ ᠤ ᠡᠳ᠋ ᠍ ᠦᠨ ᠵᠠᠰᠠᠭ ᠤᠨ ᠴᠢᠭ ᠪᠠᠷᠢᠮᠵᠢᠶ᠎ᠠ᠂ ᠡᠭᠦᠨ ᠳᠦ ᠵᠢᠱᠢᠶᠡᠯᠡᠪᠡᠯ ᠪᠠᠩᠬᠢ ᠶᠢᠨ ᠪᠣᠯᠤᠨ ᠰᠠᠩᠬᠦᠦ ᠶᠢᠨ ᠰᠠᠯᠪᠤᠷᠢ᠂ ᠬᠤᠳᠠᠯᠳᠤᠭ᠎ᠠ᠂ ᠶᠠᠳᠠᠭᠤᠷᠠᠯ᠂ ᠨᠡᠶᠢᠭᠡᠮ ᠤᠨᠬᠠᠮᠠᠭᠠᠯᠠᠯ᠂ ᠬᠠᠯᠠᠮᠵᠢ ᠶᠢᠨ ᠰᠦᠯᠵᠢᠶ᠎ᠡ ᠵᠡᠷᠭᠡ ᠠᠰᠠᠭᠤᠳᠠᠯ ᠢ ᠦᠨᠡᠯᠡᠨ ᠠᠪᠴᠤ ᠦᠵᠡᠳᠡᠭ᠃ ᠥᠪᠡᠷ ᠦᠨ ᠣᠯᠠᠨ ᠲᠠᠯ᠎ᠠ ᠶᠢᠨ ᠦᠢᠯᠡ ᠠᠵᠢᠯᠯᠠᠭᠠᠨ ᠤ ᠲᠠᠯ᠎ᠠ ᠪᠠᠷ᠂ ᠲᠤᠬᠠᠶᠢᠯᠠᠪᠠᠯ ᠬᠦᠷᠢᠶᠡᠯᠡᠩ ᠪᠤᠢ ᠣᠷᠴᠢᠨ ᠤ ᠪᠣᠯᠤᠨ ᠨᠡᠶᠢᠭᠡᠮ ᠤᠨ ᠬᠤᠪᠢ ᠳᠤ ᠲᠣᠭᠲᠠᠪᠤᠷᠢᠲᠠᠢ ᠬᠥᠭᠵᠢᠯ᠂ ᠡᠷᠡᠭᠦᠯ ᠮᠡᠨᠳᠦ᠂ ᠲᠡᠵᠢᠭᠡᠯ ᠪᠠ ᠬᠦᠮᠦᠨ ᠠᠮᠠ᠂ ᠰᠠᠩᠬᠦᠦ ᠶᠢᠨ ᠰᠠᠯᠪᠤᠷᠢ᠂ ᠬᠠᠤᠯᠢ ᠪᠣᠯᠤᠨ ᠰᠢᠳᠤᠷᠭᠤ ᠪᠠᠶᠢᠳᠠᠯ ᠵᠡᠷᠭᠡ ᠴᠢᠭᠯᠡᠯ ᠢᠶᠡᠷ ᠮᠡᠳᠡᠯᠭᠡ᠂ ᠮᠡᠳᠡᠭᠡᠯᠡᠯ ᠢᠶᠡᠷ ᠬᠠᠩᠭᠠᠬᠤ ᠡᠭᠦᠳᠡᠨ ᠡᠴᠡ ᠵᠥᠪᠯᠡᠭᠡ ᠥᠭᠬᠦ ᠦᠢᠯᠡᠴᠢᠯᠡᠭᠡ ᠶᠢ ᠪᠠᠩᠬᠢ ᠪᠠᠶᠢᠭᠤᠯᠤᠭᠰᠠᠨ ᠪᠢᠯᠡ᠃ ᠵᠥᠪᠯᠡᠭᠡ ᠥᠭᠬᠦ ᠦᠢᠯᠡᠴᠢᠯᠡᠭᠡ ᠨᠢ ᠪᠠᠩᠬᠢᠨ ᠤ ᠠᠵᠢᠯᠲᠠᠨ ᠨᠤᠭᠤᠳ ᠤᠨ ᠵᠣᠬᠢᠶᠠᠨ ᠪᠠᠶᠢᠭᠤᠯᠵᠤ᠂ ᠵᠣᠬᠢᠴᠠᠭᠤᠯᠵᠤ ᠪᠠᠶᠢᠳᠠᠭ ᠰᠡᠳᠦᠪᠴᠢᠯᠡᠭᠰᠡᠨ ᠪᠦᠯᠦᠭ ᠦᠳ ᠦᠨ ᠠᠵᠢᠯ ᠳᠡᠭᠡᠷ᠎ᠡ ᠲᠤᠯᠭᠠᠭᠤᠷᠢᠯᠠᠳᠠᠭ ᠪᠠ ᠬᠥᠭᠵᠢᠯ ᠦᠨ ᠲᠣᠳᠣᠷᠬᠠᠢ ᠰᠡᠳᠦᠪ ᠦᠳ ᠲᠦ ᠲᠥᠪᠯᠡᠷᠡᠳᠡᠭ᠃ ᠬᠡᠳᠦ ᠬᠡᠳᠦᠨ ᠪᠦᠯᠦᠭ ᠬᠥᠭᠵᠢᠯ ᠦᠨ ᠫᠷᠠᠺᠲ᠋ᠢᠭ ᠠᠵᠢᠯ ᠡᠷᠬᠢᠯᠡᠭᠴᠢᠳ ᠲᠦ ᠵᠣᠷᠢᠭᠤᠯᠤᠭᠰᠠᠨ ᠲᠤᠰᠠᠯᠠᠯᠴᠠᠭ᠎ᠠ ᠤᠳᠤᠷᠢᠳᠤᠮᠵᠢ ᠶᠢ ᠪᠣᠯᠪᠠᠰᠤᠷᠠᠭᠤᠯᠤᠭᠰᠠᠨ᠃ ᠡᠳᠡᠭᠡᠷ ᠦᠨ ᠰᠡᠳᠦᠪ ᠨᠢ ᠲᠥᠰᠥᠯ ᠦᠨ ᠳ᠋ᠢᠽᠠᠢ ᠶᠢᠨ᠂ ᠮᠧᠨᠧᠵᠮᠧᠨᠲ ᠪᠠ ᠮᠣᠨᠢᠲ᠋ᠣᠷᠢᠨ ᠢ᠂ ᠬᠠᠤᠯᠢ ᠵᠦᠢ᠂ ᠰᠠᠩᠬᠦᠦ ᠪᠣᠯᠤᠨ ᠪᠠᠷᠠᠭ᠎ᠠ ᠠᠵᠢᠯ ᠦᠢᠯᠡᠴᠢᠯᠡᠭᠡ ᠬᠤᠳᠠᠯᠳᠤᠨ ᠠᠪᠬᠤ ᠱᠠᠭᠠᠷᠳᠠᠯᠭ᠎ᠠ᠂ ᠵᠧᠨᠳᠧᠷ ᠦᠨ ᠠᠰᠠᠭᠤᠳᠠᠯ᠂ ᠬᠣᠭᠣᠯᠠ ᠬᠦᠨᠡᠰᠦ ᠪᠠ ᠲᠡᠵᠢᠭᠡᠯ᠂ ᠰᠢᠯᠵᠢᠨ ᠰᠠᠭᠤᠷᠢᠰᠢᠯᠲᠠ ᠶᠢᠨ ᠦᠶ᠎ᠡ ᠳᠦ ᠠᠩᠬᠠᠷᠬᠣ ᠵᠦᠢᠯᠡᠰ ᠵᠡᠷᠭᠡ ᠪᠠᠶᠢᠭᠰᠠᠨ᠃

ᠳᠡᠯᠡᠬᠡᠢ ᠶᠢᠨ ᠪᠠᠩᠬᠢ ᠮᠣᠩᠭᠣᠯ ᠤᠯᠤᠰ ᠬᠣᠭᠣᠷᠣᠨᠳᠣ ᠶᠢᠨ ᠬᠠᠷᠢᠯᠴᠠᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠵᠢᠮ ᠠᠨᠳᠧᠷᠠᠭᠰᠠᠨ ᠪᠠ ᠪᠠᠶᠢᠩᠭᠤ ᠶᠢᠨ ᠬᠣᠷᠢᠶᠠᠨ ᠤ ᠳᠠᠷᠤᠭ᠎ᠠ ᠠ᠂ ᠪᠠᠺᠧᠢ

ᠮᠣᠩᠭᠣᠯ ᠤᠯᠤᠰ ᠳᠡᠯᠡᠬᠡᠢ ᠶᠢᠨ ᠪᠠᠩᠬᠢ ᠳᠤ 1991 ᠣᠨ ᠳᠤ ᠭᠡᠰᠢᠭᠦᠨ ᠢᠶᠡᠷ ᠡᠯᠰᠡᠭᠳᠡᠭᠰᠡᠨ ᠶᠤᠮ᠃ ᠮᠣᠩᠭᠣᠯ ᠳᠠᠬᠢ ᠰᠠᠭᠤᠷᠢᠨ ᠲᠥᠯᠥᠭᠡᠯᠡᠭᠴᠢ ᠶᠢᠨ ᠭᠠᠵᠠᠷ ᠢᠶᠠᠨ 1988 ᠣᠨ ᠳᠤ ᠨᠡᠭᠡᠭᠡᠭᠰᠡᠨ᠃ᠮᠣᠩᠭᠣᠯ ᠤᠯᠤᠰ ᠢ ᠲᠥᠯᠦᠭᠡᠯᠡᠭᠰᠡᠨ ᠭᠦᠢᠴᠡᠳᠭᠡᠬᠦ ᠵᠠᠬᠢᠷᠤᠯ ᠪᠣᠯ ᠵᠣᠩ ᠣᠰᠲ᠋ᠢᠨ᠃ ᠮᠣᠩᠭᠣᠯ ᠤᠯᠤᠰ ᠤᠨ ᠬᠠᠷᠢᠭᠤᠴᠠᠭᠰᠠᠨ ᠵᠠᠬᠢᠷᠤᠯ ᠪᠣᠯ ᠨᠣᠶᠠᠨ ᠢᠨ ᠫᠣᠷᠲᠡᠷ᠂ ᠮᠣᠩᠭᠣᠯ ᠤᠯᠤᠰ ᠳᠠᠬᠢ ᠰᠤᠤᠷ ᠤᠨ ᠲᠥᠯᠥᠭᠡᠯᠡᠭᠴᠢ ᠪᠣᠯ ᠨᠣᠶᠠᠨ ᠠᠷᠰᠢ ᠳᠤ ᠰᠡᠶ᠎ᠡ ᠳᠦ᠃ ᠳᠡᠯᠡᠬᠡᠢ ᠶᠢᠨ ᠪᠠᠩᠬᠢ ᠶᠢᠨ ᠮᠣᠩᠭᠣᠯ ᠳᠠᠬᠢ ᠬᠥᠲᠥᠯᠪᠦᠷᠢ ᠥᠨᠥ ᠶᠢ ᠬᠦᠷᠲᠡᠯ᠎ᠡ ᠳᠡᠯᠡᠬᠡᠢ ᠶᠢᠨ ᠪᠠᠩᠬᠢ ᠣᠯᠠᠨ ᠤᠯᠤᠰ ᠤᠨ ᠬᠥᠭᠵᠢᠯ ᠦᠨ ᠠᠰᠰᠣᠴᠢᠶᠠᠴᠢ ᠪᠠᠷ ᠳᠠᠮᠵᠢᠭᠤᠯᠠᠨ ᠮᠣᠩᠭᠣᠯ ᠤᠯᠤᠰ ᠲᠤ ᠨᠡᠶᠢᠲᠡ 564 ᠰᠠᠶ᠎ᠠ ᠠᠮᠸᠷᠢᠺᠡ ᠳ᠋ᠣᠯᠯᠠᠷ ᠲᠠᠢ ᠲᠡᠩᠴᠡᠬᠦ ᠬᠡᠮᠵᠢᠶᠡᠨ ᠦ ᠬᠦᠦ ᠦᠭᠡᠢ ᠵᠢᠭᠡᠯᠡᠯᠭᠡ ᠶᠢᠨ ᠲᠤᠰᠠᠯᠠᠮᠵᠢ ᠶᠢ ᠥᠭᠴᠦ᠂ ᠮᠥᠨ ᠲᠧᠭᠨᠢᠭ ᠦᠨ ᠲᠤᠰᠠᠯᠠᠯᠴᠠᠭ᠎ᠠ᠂ ᠵᠥᠪᠯᠡᠯᠭᠡ ᠥᠭᠴᠦ᠂ ᠬᠠᠮᠲᠤᠷᠠᠨ ᠠᠵᠢᠯᠯᠠᠵᠤ ᠢᠷᠡᠭᠰᠡᠨ᠃ 1991 ᠣᠨ ᠠᠴᠠ ᠬᠣᠶᠢᠰᠢ ᠥᠨᠥ ᠶᠢ ᠬᠦᠷᠲᠡᠯ᠎ᠡ ᠳᠡᠯᠡᠬᠡᠢ ᠶᠢᠨ ᠪᠠᠩᠬᠢ ᠨᠡᠶᠢᠲᠡ 380 ᠰᠠᠶ᠎ᠠ ᠠᠮᠸᠷᠢᠺᠡ ᠳ᠋ᠣᠯᠯᠠᠷ ᠤᠨ 31 ᠵᠢᠭᠡᠯᠡᠯᠭᠡ ᠶᠢᠨ ᠲᠥᠰᠥᠯ ᠦᠳ ᠪᠣᠯᠤᠨ 183.3 ᠰᠠᠶ᠎ᠠ ᠠᠮᠸᠷᠢᠺᠡ ᠳ᠋ᠣᠯᠯᠠᠷ ᠤᠨ 50 ᠪᠤᠴᠠᠯᠲᠠ ᠦᠭᠡᠢ ᠲᠤᠰᠠᠯᠠᠮᠵᠢ ᠶᠢᠨ ᠬᠥᠲᠥᠯᠪᠦᠷᠢ ᠨᠦᠭᠦᠳ ᠢ ᠠᠮᠵᠢᠯᠲᠠᠲᠠᠢ ᠬᠡᠷᠡᠭᠵᠢᠭᠦᠯᠵᠦ ᠳᠠᠭᠤᠰᠤᠭᠰᠠᠨ ᠪᠠᠶᠢᠨ᠎ᠠ᠃ ᠳᠡᠯᠡᠬᠡᠢ ᠶᠢᠨ ᠪᠠᠩᠬᠢ ᠶᠢᠨ ᠮᠣᠩᠭᠣᠯ ᠤᠨ ᠬᠥᠭᠵᠢᠯᠳᠦ ᠲᠤᠰᠠᠯᠠᠬᠤ ᠬᠥᠲᠥᠯᠪᠦᠷᠢ ᠨᠢ ᠦᠨᠳᠦᠰᠦᠨ ᠳᠦ ᠪᠡᠨ 3 ᠭᠣᠣᠯ ᠴᠢᠭᠯᠡᠯ ᠢ ᠬᠠᠮᠤᠷᠤᠨ᠎ᠠ᠃

  • ᠤᠯᠤᠰ ᠣᠷᠣᠨ ᠤ ᠬᠥᠭᠵᠢᠯᠳᠦ ᠠᠭᠤᠯᠠ ᠠᠭᠤᠷᠬᠠᠢ ᠶᠢᠨ ᠡᠳ᠋ ᠍ ᠦᠨ ᠵᠠᠰᠠᠭ ᠤᠨ ᠦᠵᠡᠭᠦᠯᠬᠦ ᠦᠷ᠎ᠡ ᠨᠥᠯᠥᠭᠡ ᠶᠢ ᠨᠡᠮᠡᠭᠳᠡᠭᠦᠯᠬᠦ᠂ ᠰᠠᠶᠢᠵᠢᠷᠭᠠᠭᠤᠯᠬᠤ
  • ᠬᠥᠳᠡᠭᠡ ᠶᠢᠨ ᠠᠮᠵᠢᠷᠭᠠᠨ ᠤ ᠲᠦᠪᠰᠢᠨ᠂ ᠪᠠᠶᠢᠭᠠᠯᠢ ᠣᠷᠴᠢᠨ ᠢ ᠰᠠᠶᠢᠵᠢᠷᠭᠠᠭᠤᠯᠬᠤ
  • ᠤᠯᠠᠭᠠᠨᠪᠠᠭᠠᠲᠤᠷ ᠢ ᠠᠮᠢᠳᠤᠷᠠᠬᠤ ᠣᠷᠴᠢᠨ ᠤ ᠬᠤᠪᠢ ᠳᠤ ᠢᠯᠡᠭᠦᠦ ᠲᠠᠭᠠᠲᠠᠢ ᠬᠣᠲᠠ ᠪᠣᠯᠭᠠᠨ ᠬᠥᠭᠵᠢᠭᠦᠯᠬᠦ

[4]

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

  1. [1], ᠳᠡᠯᠡᠬᠡᠢ ᠶᠢᠨ ᠪᠠᠩᠬᠢ
  2. [2], world bank
  3. [3], ᠳᠡᠯᠡᠬᠡᠢ ᠶᠢᠨ ᠪᠠᠩᠬᠢ ᠭᠡᠵᠦ ᠤᠤ ᠪᠤᠢ
  4. [4], ᠳᠡᠯᠡᠬᠡᠢ ᠶᠢᠨ ᠪᠠᠩᠬᠢ ᠶᠢᠨ ᠲᠤᠬᠠᠢ ᠲᠠ ᠮᠡᠳᠡᠬᠦ ᠦᠦ

ᠪᠢᠴᠢᠭᠡᠰᠦ