ᠳᠣᠲᠣᠭᠠᠳᠤ ᠶᠢᠨ ᠨᠡᠶᠢᠲᠡ ᠪᠦᠲᠦᠭᠡᠭᠳᠡᠬᠦᠨ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠤᠯᠤᠰ ᠣᠷᠣᠨ ᠨᠤᠭᠤᠳ ᠤᠨ ᠬᠤᠳᠠᠯᠳᠤᠨ ᠠᠪᠬᠤ ᠴᠢᠳᠠᠪᠤᠷᠢ ᠪᠠᠷ ᠲᠣᠭᠠᠴᠠᠭᠰᠠᠨ ᠨᠢᠭᠡ ᠬᠦᠮᠦᠨ ᠳᠦ ᠣᠨᠣᠭᠳᠠᠬᠣ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ (2008 ᠣᠨ)

ᠳᠣᠲᠣᠭᠠᠳᠤ ᠶᠢᠨ ᠨᠡᠶᠢᠲᠡ ᠪᠦᠲᠦᠭᠡᠭᠳᠡᠬᠦᠨ (ᠠᠩᠭᠯᠢ ᠬᠡᠯᠡ Gross Domestic Product), ᠲᠣᠪᠴᠢᠯᠠᠭᠰᠠᠨ ᠦᠭᠡ - GDP — ᠲᠣᠳᠣᠷᠬᠠᠢ ᠬᠤᠭᠤᠴᠠᠭᠠᠨ ᠳᠤ ᠲᠤᠬᠠᠢ ᠶᠢᠨ ᠣᠷᠣᠨ ᠳᠤ ᠰᠢᠨ᠎ᠡ ᠪᠡᠷ ᠪᠦᠲᠦᠭᠡᠭᠳᠡᠭᠰᠡᠨ ᠪᠠᠷ᠎ᠠ ᠪᠣᠯᠤᠨ ᠦᠢᠯᠡᠴᠢᠯᠡᠭᠡᠨ ᠨᠦᠭᠦᠳ ᠦᠨ ᠵᠠᠬ᠎ᠠ ᠵᠡᠭᠡᠯᠢ ᠶᠢᠨ ᠦᠨ᠎ᠡ ᠶᠢᠨ ᠨᠡᠶᠢᠯᠡᠪᠦᠷᠢ ᠶᠤᠮ᠃ ᠡᠳᠦᠭᠡ ᠴᠠᠭ ᠲᠤ ᠡᠩ ᠦᠨ ᠢᠶᠡᠷ ᠨᠢᠭᠡ ᠬᠦᠮᠦᠨ ᠳᠦ ᠣᠨᠣᠭᠳᠠᠬᠣ GDP ᠨᠢ ᠤᠯᠤᠰ ᠣᠷᠣᠨ ᠨᠤᠭᠤᠳ ᠤᠨ ᠠᠮᠢᠵᠢᠷᠭᠠᠨ ᠤ ᠲᠦᠪᠰᠢᠨ ᠢ ᠵᠢᠭᠠᠭᠴᠢ ᠪᠣᠯᠳᠠᠭ᠃ GDP ᠍ ᠍ ᠢ ᠦᠷᠢᠯᠡᠳᠪᠦᠷᠢᠯᠡᠯᠲᠡ ᠶᠢᠨ᠂ ᠠᠰᠢᠭᠯᠠᠯᠲᠠ ᠶᠢᠨ᠂ ᠬᠣᠪᠢᠶᠠᠷᠯᠠᠯᠳᠠ ᠶᠢᠨ ᠭᠡᠰᠡᠨ ᠭᠤᠷᠪᠠᠨ ᠠᠷᠭ᠎ᠠ ᠪᠠᠷ ᠲᠣᠭᠠᠴᠠᠳᠠᠭ᠃ ᠥᠭᠡᠷ᠎ᠡ ᠪᠡᠷ ᠬᠡᠯᠡᠪᠡᠯ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠳᠦ ᠲᠤᠬᠠᠢ ᠶᠢᠨ ᠤᠯᠤᠰ ᠤᠨ ᠬᠢᠯᠢ ᠳᠣᠲᠣᠷ᠎ᠠ ᠪᠠᠶᠢᠭ᠎ᠠ ᠪᠦᠬᠦ ᠦᠢᠯᠡᠳᠪᠦᠷᠢᠯᠡᠯ ᠢ ᠣᠷᠣᠭᠤᠯᠵᠤ ᠲᠣᠭᠠᠴᠠᠨ᠎ᠠ᠃ ᠦᠨᠳᠦᠰᠦᠨ ᠦ ᠨᠡᠶᠢᠲᠡ ᠪᠦᠲᠦᠭᠡᠭᠳᠡᠬᠦᠨ ᠭᠡᠳᠡᠭ ᠨᠢ ᠭᠠᠳᠠᠭᠠᠳᠤ ᠳᠤ ᠪᠠᠶᠢᠭ᠎ᠠ ᠲᠤᠬᠠᠢ ᠶᠢᠨ ᠤᠯᠤᠰ ᠤᠨ ᠢᠷᠭᠡᠨ ᠠᠵᠤ ᠠᠬᠤᠢ ᠶᠢᠨ ᠨᠢᠭᠡᠴᠡ ᠶᠢᠨ ᠦᠢᠯᠡᠳᠪᠦᠷᠢᠯᠡᠯ ᠢ ᠣᠷᠣᠭᠤᠯᠵᠤ ᠲᠣᠭᠠᠴᠠᠳᠠᠭ ᠶᠠᠭᠤᠮ᠎ᠠ᠃

ᠦᠢᠯᠡᠳᠪᠦᠷᠢᠯᠡᠯᠲᠡ ᠶᠢᠨ ᠠᠷᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠨᠡᠶᠢᠲᠡ ᠦᠢᠯᠡᠳᠪᠦᠷᠢᠯᠡᠯ - ᠨᠡᠶᠢᠲᠡ ᠵᠠᠪᠰᠠᠷ ᠤᠨ ᠬᠡᠷᠡᠭᠯᠡᠭᠡ = ᠨᠡᠶᠢᠲᠡ ᠨᠡᠮᠡᠭᠳᠡᠯ ᠥᠷᠲᠡᠭ ᠭᠡᠵᠦ ᠲᠣᠭᠠᠴᠠᠬᠤ ᠶᠢ ᠦᠢᠯᠡᠳᠪᠦᠷᠢᠯᠡᠯᠲᠡ ᠶᠢᠨ ᠠᠷᠭ᠎ᠠ ᠭᠡᠨ᠎ᠡ᠃

ᠵᠠᠷᠤᠳᠠᠯ ᠤᠨ ᠠᠷᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

GDP = ᠬᠤᠪᠢ ᠤᠨ ᠬᠡᠷᠡᠭᠯᠡᠭᠡᠨ ᠦ ᠵᠠᠷᠤᠳᠠᠯ ᠤᠳ + ᠳᠣᠲᠣᠭᠠᠳᠤ ᠶᠢᠨ ᠬᠥᠷᠥᠩᠭᠡ ᠣᠷᠣᠭᠤᠯᠤᠯᠲᠠ + ᠵᠠᠰᠠᠭ ᠤᠨ ᠭᠠᠵᠠᠷ ᠤᠨ ᠬᠡᠷᠡᠭᠯᠡᠭᠡᠨ ᠦ ᠵᠠᠷᠤᠳᠠᠯ ᠤᠳ ᠪᠠ ᠨᠡᠶᠢᠲᠡ ᠬᠥᠷᠥᠩᠭᠡ ᠣᠷᠣᠭᠤᠯᠤᠯᠲᠠ + (ᠡᠺᠰᠫᠣᠷᠲ - ᠢᠮᠫᠣᠷᠲ) ᠭᠡᠵᠦ ᠲᠣᠭᠠᠴᠠᠬᠤ ᠶᠢ ᠵᠠᠷᠤᠳᠠᠯ ᠢᠶᠠᠷ GDP ᠍ ᠍ ᠢ ᠲᠣᠭᠠᠴᠠᠬᠤ ᠠᠷᠭ᠎ᠠ ᠭᠡᠨ᠎ᠡ᠃

ᠬᠣᠪᠢᠶᠠᠷᠯᠠᠯᠳᠠ ᠶᠢᠨ ᠠᠷᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠦᠳᠡᠯᠮᠦᠷᠢ ᠶᠢᠨ ᠬᠥᠯᠥᠰᠥ᠂ ᠦᠨᠳᠦᠰᠦᠨ ᠬᠥᠷᠥᠩᠭᠡ ᠶᠢᠨ ᠡᠯᠡᠭᠳᠡᠯ᠂ ᠠᠰᠢᠭ ᠲᠡᠭᠦᠨ ᠲᠡᠢ ᠠᠳᠠᠯᠢᠳᠬᠠᠬᠤ ᠣᠷᠣᠯᠭ᠎ᠠ᠂ ᠰᠢᠭᠤᠳ ᠪᠤᠰᠤ ᠲᠠᠲᠠᠪᠤᠷᠢ ᠵᠡᠷᠭᠡ ᠣᠷᠣᠯᠭ᠎ᠠ ᠶᠢᠨ ᠡᠯ᠎ᠡeᠮeᠨᠡᠲᠢ ᠨᠦᠭᠦᠳ ᠦᠨ ᠨᠡᠶᠢᠯᠡᠪᠦᠷᠢ ᠪᠡᠷ ᠲᠣᠭᠠᠴᠠᠬᠤ ᠶᠢ ᠬᠤᠪᠢᠶᠠᠷᠢᠯᠠᠯᠲᠠ ᠶᠢᠨ ᠠᠷᠭ᠎ᠠ ᠭᠡᠨ᠎ᠡ᠃

ᠪᠢᠴᠢᠭᠡᠰᠦ