ᠳᠥᠷᠪᠡᠯᠵᠢᠨ ᠪᠢᠴᠢᠭ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
— «ᠳᠥᠷᠪᠡᠯᠵᠢᠨ ᠦᠰᠦᠭ» ᠭᠡᠳ ᠬᠣᠯᠪᠣᠭᠳᠠᠪᠠ —
ᠬᠠᠷᠠᠶᠢᠬᠤ: ᠤᠳᠤᠷᠢᠳᠬᠤ, ᠬᠠᠶᠢᠯᠲᠠ
ᠵᠢᠵᠢᠭ ᠵᠢᠷᠤᠭ ᠢ ᠡᠭᠦᠰᠭᠡᠬᠦ ᠳ᠋ᠦ ᠠᠯᠳᠠᠭ᠎ᠠ ᠭᠠᠷᠤᠯ᠎ᠠ: Unable to save thumbnail to destination
Wiki(ᠳᠥᠷᠪᠡᠯᠵᠢᠨ ᠪᠢᠴᠢᠭ)

ᠳᠥᠷᠪᠡᠯᠵᠢᠨ ᠪᠢᠴᠢᠭ ᠨᠢ ᠬᠤᠪᠢᠯᠠᠢ ᠰᠡᠴᠡᠨ (1215-1294) ᠬᠠᠭᠠᠨ ᠤ ᠵᠠᠷᠯᠢᠭ ᠢᠶᠠᠷ ᠲᠥᠪᠡᠳ ᠦᠨ ᠫᠠᠭᠪᠠ ᠯᠠᠮᠠ ᠯᠣᠳᠣᠶᠢᠵᠠᠯᠼᠠᠨ 1269 ᠣᠨ ᠳᠤ ᠵᠣᠬᠢᠶᠠᠭᠰᠠᠨ ᠪᠢᠴᠢᠭ ᠶᠤᠮ᠃ ᠳᠥᠷᠪᠡᠯᠵᠢᠨ ᠪᠢᠴᠢᠭ ᠬᠡᠯᠪᠡᠷᠢ ᠳᠦᠷᠰᠦ ᠶᠢᠨ ᠬᠤᠪᠢ ᠳᠤ ᠲᠥᠪᠡᠳ ᠦᠰᠦᠭ ᠲᠦ᠂ ᠵᠢᠷᠤᠯᠭ᠎ᠠ ᠪᠢᠴᠢᠯᠭᠡ ᠶᠢᠨ ᠬᠤᠪᠢ ᠳᠤ ᠮᠣᠩᠭᠣᠯ ᠪᠢᠴᠢᠭ ᠲᠦ ᠲᠤᠯᠭᠠᠭᠤᠷᠢᠯᠠᠨ ᠵᠣᠬᠢᠶᠠᠭᠰᠠᠨ ᠦᠶᠡᠲᠦ ᠦᠰᠦᠭ ᠪᠣᠯᠤᠨ᠎ᠠ᠃

ᠡᠯ᠎ᠡ ᠪᠢᠴᠢᠭ ᠲᠦ ᠮᠣᠩᠭᠣᠯᠴᠤᠳ ᠤᠨ ᠰᠤᠶᠤᠯ ᠤᠨ ᠬᠡᠷᠡᠭᠴᠡᠭᠡᠨ ᠳᠦ᠂ ᠲᠤᠬᠠᠶᠢᠯᠠᠪᠠᠯ ᠮᠣᠩᠭᠣᠯ ᠤᠨ ᠶᠡᠬᠡ ᠶᠤᠸᠠᠨ ᠭᠦᠷᠦᠨ ᠦ ᠬᠡᠮᠵᠢᠶᠡᠨ ᠳᠦ ᠠᠯᠪᠠᠨ ᠶᠣᠰᠣᠨ ᠤ ᠲᠥᠷᠥ ᠶᠢᠨ ᠪᠢᠴᠢᠭ ᠪᠣᠯᠵᠤ 100 ᠭᠠᠷᠤᠢ ᠵᠢᠯ ᠪᠤᠶᠤ ᠬᠤᠪᠢᠯᠠᠢ ᠬᠠᠭᠠᠨ ᠤ ᠪᠠᠶᠢᠭᠤᠯᠤᠭᠰᠠᠨ ᠶᠡᠬᠡ ᠶᠤᠸᠠᠨ ᠭᠦᠷᠦᠨ ᠢ ᠮᠥᠬᠦᠲᠡᠯ᠎ᠡ (1368) ᠬᠡᠷᠡᠭᠯᠡᠭᠳᠡᠵᠦ ᠪᠠᠶᠢᠴᠠᠢ᠃ ᠲᠡᠶᠢᠮᠦ ᠤᠴᠢᠷ ᠠᠴᠠ ᠳᠥᠷᠪᠡᠯᠵᠢᠨ ᠪᠢᠴᠢᠭ ᠢᠶᠡᠷ ᠡᠳᠦᠭᠡ ᠥᠪᠯᠡᠨ ᠤᠯᠠᠮᠵᠢᠯᠠᠭᠳᠠᠭᠰᠠᠨ ᠳᠤᠷᠠᠰᠬᠠᠯ᠂ ᠥᠪ ᠰᠤᠶᠤᠯ ᠭᠡᠪᠡᠯ ᠶᠡᠬᠡᠩᠬᠢ ᠳᠦ ᠪᠡᠨ ᠬᠠᠭᠠᠨ ᠤ ᠣᠷᠳᠣᠨ ᠤ ᠠᠯᠪᠠᠨ ᠬᠡᠷᠡᠭ᠂ ᠵᠠᠷᠯᠢᠭ ᠪᠢᠴᠢᠭ᠂ ᠲᠥᠷᠥ ᠶᠢᠨ ᠲᠠᠮᠠᠭ᠎ᠠ᠂ ᠲᠡᠮᠳᠡᠭ᠂ ᠫᠠᠶᠢᠵᠠᠵᠣᠭᠣᠰ ᠮᠥᠩᠭᠥᠬᠥᠰᠢᠶ᠎ᠡ᠂ ᠴᠢᠯᠠᠭᠤᠨ ᠤ ᠪᠢᠴᠢᠭᠡᠰᠦ ᠵᠣᠩᠬᠢᠯᠠᠵᠤ ᠪᠠᠶᠢᠭ᠎ᠠ ᠠᠴᠠ ᠦᠵᠡᠪᠡᠯ ᠤᠭ ᠪᠢᠴᠢᠭ ᠨᠡᠶᠢᠲᠡ ᠮᠣᠩᠭᠣᠯ ᠬᠡᠯᠲᠡᠩ ᠳᠦ ᠥᠷᠭᠡᠨ ᠲᠠᠷᠬᠠᠵᠤ ᠳᠡᠯᠭᠡᠷᠡᠯ ᠭᠦᠢ᠂ ᠢᠪᠴᠤᠤ ᠬᠦᠷᠢᠶᠡᠨ ᠳᠦ ᠬᠡᠷᠡᠭᠯᠡᠭᠳᠡᠵᠦ ᠪᠠᠶᠢᠭᠰᠠᠨ ᠠᠵᠡᠢ᠃

ᠳᠥᠷᠪᠡᠯᠵᠢᠨ ᠦᠰᠦᠭ ᠢᠶᠡᠷ ᠶᠤᠸᠠᠨ ᠤᠯᠤᠰ ᠤᠨ ᠪᠦᠬᠦ ᠠᠯᠪᠠᠨ ᠬᠡᠷᠡᠭ ᠢ ᠬᠥᠲᠥᠯᠬᠦ ᠶᠢᠨ ᠵᠡᠷᠭᠡᠴᠡᠭᠡ ᠨᠡᠶᠢᠲᠡ ᠮᠣᠩᠭᠣᠯᠴᠤᠳ ᠤᠨ ᠳᠤᠮᠳᠠ ᠲᠦᠭᠡᠭᠡᠨ ᠳᠡᠯᠭᠡᠷᠡᠭᠦᠯᠬᠦ ᠲᠠᠯ᠎ᠠ ᠪᠠᠷ ᠬᠤᠪᠢᠯᠠᠢ ᠬᠠᠭᠠᠨ ᠥᠪᠡᠷ ᠦᠨ ᠪᠡᠶ᠎ᠡ ᠪᠡᠷ ᠶᠡᠬᠡᠬᠡᠨ ᠵᠢᠳᠬᠦᠯ᠂ ᠬᠦᠴᠦ ᠴᠢᠷᠮᠠᠶᠢᠯᠲᠠ ᠲᠠᠯᠪᠢᠵᠤ ᠪᠠᠶᠢᠭᠰᠠᠨ ᠬᠡᠷᠡᠨ ᠢᠶᠡᠨ ᠴᠤᠬᠤᠮ ᠶᠠᠭᠠᠬᠢᠭᠠᠳ ᠳᠥᠷᠪᠡᠯᠵᠢᠨ ᠪᠢᠴᠢᠭ ᠥᠷᠭᠡᠨ ᠣᠯᠠᠨ ᠤ ᠳᠡᠮᠵᠢᠯᠭᠡ ᠶᠢ ᠣᠯᠵᠤ᠂ ᠤᠳᠠᠭᠠᠨ ᠵᠢᠯ 《ᠤᠯᠤᠰ ᠤᠨ ᠪᠢᠴᠢᠭ》 ᠪᠣᠯᠵᠤ ᠴᠢᠳᠠᠭᠰᠠᠨ ᠦᠭᠡᠢ ᠪᠤᠢ ᠭᠡᠪᠡᠯ:

  1. ᠳᠥᠷᠪᠡᠯᠵᠢᠨ ᠪᠢᠴᠢᠭ ᠢ ᠬᠠᠭᠠᠨ ᠤ ᠣᠷᠳᠣᠨ ᠤ ᠴᠥᠭᠡᠨ ᠬᠦᠮᠦᠨ ᠦ ᠬᠡᠯᠡᠨ ᠦ ᠠᠶᠠᠯᠭᠤᠨ ᠳᠤ ᠥᠭᠡᠷ᠎ᠡ ᠪᠡᠷ ᠬᠡᠯᠡᠪᠡᠯ ᠨᠢᠭᠡ ᠯᠠ ᠨᠤᠲᠤᠭ ᠤᠨ ᠠᠶᠠᠯᠭᠤᠨ ᠳᠤ ᠦᠨᠳᠦᠰᠦᠯᠡᠨ ᠵᠣᠬᠢᠶᠠᠭᠰᠠᠨ ᠪᠣᠯᠬᠣᠷ ᠮᠣᠩᠭᠣᠯ ᠤᠨ ᠣᠯᠠᠨ ᠠᠶᠠᠯᠭᠤᠨ ᠳᠤ ᠲᠡᠷᠡ ᠪᠦᠷᠦᠢ ᠲᠠᠭᠠᠷᠴᠢ ᠲᠣᠬᠢᠷᠠᠭᠰᠠᠨ ᠦᠭᠡᠢ᠃
  2. ᠶᠤᠸᠠᠨ ᠤᠯᠤᠰ ᠤᠨ ᠪᠦᠷᠢᠯᠳᠦᠬᠦᠨ ᠳᠦ ᠪᠠᠶᠢᠭᠰᠠᠨ ᠮᠣᠩᠭᠣᠯ᠂ ᠬᠢᠲᠠᠳ᠂ ᠲᠥᠪᠡᠳ᠂ ᠤᠶᠢᠭᠤᠷ ᠦᠨᠳᠦᠰᠦᠲᠡᠨ ᠨᠦᠭᠦᠳ ᠥᠪᠡᠷ ᠥᠪᠡᠷ ᠦᠨ ᠤᠳᠬ᠎ᠠ ᠵᠣᠬᠢᠶᠠᠯ ᠤᠨ ᠬᠡᠯᠡ᠂ ᠦᠰᠦᠭ ᠪᠢᠴᠢᠭ ᠲᠡᠢ ᠪᠠᠶᠢᠭᠰᠠᠨ ᠲᠤᠯᠠ ᠬᠠᠭᠠᠨ ᠤ ᠵᠠᠷᠯᠢᠭ ᠢᠶᠠᠷ ᠵᠣᠬᠢᠶᠠᠭᠰᠠᠨ ᠰᠢᠨ᠎ᠡ ᠦᠰᠦᠭ ᠢ ᠰᠢᠭᠤᠳ ᠠᠪᠴᠤ ᠬᠡᠷᠡᠭᠯᠡᠬᠦ ᠳᠦ ᠰᠠᠭᠠᠳ ᠲᠠᠢ ᠪᠠᠶᠢᠴᠠᠢ᠃
  3. ᠳᠥᠷᠪᠡᠯᠵᠢᠨ ᠦᠰᠦᠭ ᠨᠢ ᠦᠶ᠎ᠡ ᠶᠢᠨ ᠵᠣᠬᠢᠮᠵᠢᠲᠠᠢ ᠦᠶᠡᠲᠦ ᠦᠰᠦᠭ ᠲᠤᠯᠠ ᠦᠶ᠎ᠡ ᠶᠢᠨ ᠲᠣᠭ᠎ᠠ ᠣᠯᠠᠨ᠂ ᠦᠭᠡ ᠶᠢᠨ ᠬᠡᠯᠪᠡᠷᠢ ᠶᠢᠨ ᠬᠤᠪᠢᠷᠠᠯᠲᠠ ᠶᠡᠬᠡ ᠲᠡᠢ᠂ ᠨᠠᠷᠢᠨ ᠲᠥᠪᠡᠭᠲᠡᠢ ᠬᠡᠯᠡᠨ ᠳᠦ ᠲᠣᠬᠢᠷᠠᠮᠵᠢ ᠦᠭᠡᠢ ᠵᠡᠷᠭᠡ ᠰᠢᠯᠲᠠᠭᠠᠨ ᠠᠴᠠ ᠮᠣᠩᠭᠣᠯ ᠲᠤᠭᠤᠷᠭᠠᠲᠠᠨ ᠨᠤᠭᠤᠳ ᠤᠨ ᠳᠤᠮᠳᠠ ᠲᠦᠭᠡᠮᠡᠯ ᠳᠡᠯᠭᠡᠷᠴᠢ ᠴᠢᠳᠠᠭᠰᠠᠨ ᠦᠭᠡᠢ᠃

ᠲᠡᠭᠡᠪᠡᠴᠦ ᠳᠥᠷᠪᠡᠯᠵᠢᠨ ᠪᠢᠴᠢᠭ ᠮᠣᠩᠭᠣᠯᠴᠤᠳ ᠤᠨ ᠨᠢᠭᠡᠨ ᠦᠶ᠎ᠡ ᠶᠢᠨ ᠲᠡᠦᠬᠡ᠂ ᠰᠤᠶᠤᠯ ᠤᠨ ᠬᠡᠷᠡᠭᠴᠡᠭᠡᠨ ᠳᠦ ᠦᠢᠯᠡᠴᠢᠯᠡᠭᠰᠡᠨ ᠥᠪᠡᠷᠮᠢᠴᠡ ᠨᠢᠭᠡᠨ ᠦᠰᠦᠭ ᠪᠢᠴᠢᠭ ᠮᠥᠨ ᠲᠤᠯᠠ ᠮᠣᠩᠭᠣᠯ ᠦᠨᠳᠦᠰᠦᠲᠡᠨ ᠦ ᠪᠠᠬᠠᠷᠬᠠᠯ᠂ ᠮᠣᠩᠭᠣᠯ ᠲᠤᠭᠤᠷᠭᠠᠲᠠᠨ ᠤ ᠰᠤᠶᠤᠯ ᠤᠨ ᠨᠢᠭᠡᠨ ᠨᠠᠨᠳᠢᠨ ᠥᠪ ᠶᠤᠮ᠃

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠸᠢᠭᠮᠧᠳᠢᠶᠠ ᠵᠢᠷᠤᠭ ᠤᠨ ᠰᠠᠩ:
«ᠳᠥᠷᠪᠡᠯᠵᠢᠨ ᠪᠢᠴᠢᠭ»


ᠪᠢᠴᠢᠭᠡᠰᠦ