ᠶᠠᠭᠤᠮᠠᠵᠢᠭ᠎ᠠ ᠶᠢᠨ ᠼᠡᠳᠡᠨᠪᠠᠯ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠶᠠᠭᠤᠮᠠᠵᠢᠭ᠎ᠠ ᠶᠢᠨ ᠼᠡᠳᠡᠨᠪᠠᠯ

ᠶᠠᠭᠤᠮᠠᠵᠢᠭ᠎ᠠ ᠶᠢᠨ ᠼᠡᠳᠡᠨᠪᠠᠯ (1916 ᠣᠨ ᠤ 9 ᠰᠠᠷ᠎ᠠ ᠶᠢᠨ 17 - 1991 ᠣᠨ ᠤ 4 ᠰᠠᠷ᠎ᠠ ᠶᠢᠨ 20) ᠨᠢ 1940 ᠣᠨ ᠠᠴᠠ 1984 ᠣᠨ ᠬᠦᠷᠲᠡᠯ᠎ᠡ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠤᠳᠤᠷᠢᠳᠤᠭᠴᠢᠳ ᠤᠨ ᠨᠢᠭᠡ ᠪᠠᠶᠢᠴᠠᠢ᠃ ᠲᠡᠷᠡᠪᠡᠷ ᠠᠮᠢᠳᠤᠷᠠᠯ ᠤᠨ ᠢᠶᠠᠨ ᠲᠤᠷᠰᠢᠳᠠ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠲᠥᠷᠥ ᠶᠢᠨ ᠲᠡᠷᠢᠭᠦᠨ᠂ ᠶᠡᠷᠦᠩᠬᠡᠢ ᠰᠠᠶᠢᠳᠮᠣᠩᠭᠣᠯ ᠠᠷᠠᠳ ᠤᠨ ᠬᠤᠪᠢᠰᠬᠠᠯᠲᠤ ᠨᠠᠮ ᠍ ᠍ ᠍ ᠤᠨ ᠲᠥᠪ ᠬᠣᠷᠢᠶᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ᠂ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠢᠶᠡᠷ ᠠᠵᠢᠯᠯᠠᠵᠤ ᠪᠠᠶᠢᠪᠠ᠃ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠪᠠᠭᠠᠲᠤᠷᠬᠥᠳᠡᠯᠮᠦᠷᠢ ᠶᠢᠨ ᠪᠠᠭᠠᠲᠤᠷᠮᠠᠷᠱᠠᠯ.

ᠶᠠᠭᠤᠮᠠᠵᠢᠭ᠎ᠠ ᠶᠢᠨ ᠼᠡᠳᠡᠨᠪᠠᠯ ᠨᠢ ᠦᠨᠡᠨ ᠵᠣᠷᠢᠭᠲᠤ ᠬᠠᠨ ᠠᠶᠢᠮᠠᠭ ᠤᠨ ᠵᠣᠷᠢᠭᠲᠤ ᠬᠠᠨ ᠬᠣᠰᠢᠭᠤᠨ ᠳᠤ (ᠥᠨᠥ ᠶᠢᠨ ᠤᠪᠰᠤ ᠠᠶᠢᠮᠠᠭ ᠤᠨ ᠳᠠᠪᠤᠰᠤᠲᠤ ᠰᠤᠮᠤ) ᠳᠥᠷᠪᠡ ᠳᠦ ᠭᠡᠷ ᠪᠦᠯᠢ ᠳᠦ ᠲᠥᠷᠦᠵᠢᠭᠡ᠃ ᠼᠡᠳᠡᠨᠪᠠᠯ ᠨᠢ 11 ᠬᠡᠦᠬᠡᠳ ᠲᠡᠢ ᠠᠶᠢᠯ ᠳᠤ ᠲᠠᠪᠤ ᠳᠠᠬᠢ ᠨᠢ ᠪᠣᠯᠵᠤ ᠲᠦᠷᠦᠭᠰᠡᠨ ᠪᠠᠶᠢᠨ᠎ᠠ᠃ 1925 ᠣᠨ ᠳᠤ ᠤᠯᠠᠭᠠᠨᠠᠭᠠᠮ ᠍ ᠍ ᠍ ᠤᠨ ᠰᠢᠨ᠎ᠡ ᠪᠡᠷ ᠪᠠᠶᠢᠭᠤᠯᠤᠭᠰᠠᠨ ᠰᠤᠷᠭᠠᠭᠤᠯᠢ ᠳᠤ ᠡᠯᠰᠡᠵᠦ 1929 ᠣᠨ ᠳᠤ ᠲᠡᠭᠦᠰᠦᠭᠰᠡᠨ᠃ ᠮᠥᠨ ᠣᠨ ᠳᠤ ᠼᠡᠳᠡᠨᠪᠠᠯ ᠪᠣᠯᠪᠠᠰᠤᠷᠠᠯ ᠢᠶᠠᠨ ᠦᠷᠭᠦᠯᠵᠢᠯᠡᠭᠦᠯᠬᠦ ᠪᠡᠷ ᠡᠷᠡᠬᠦᠦ ᠷᠦᠦ ᠶᠠᠪᠤᠵᠠᠢ᠃ 9 ᠵᠢᠯ ᠦᠨ ᠲᠤᠷᠰᠢ ᠲᠡᠷᠡᠪᠡᠷ ᠡᠷᠡᠬᠦᠦᠤᠯᠠᠭᠠᠨ-ᠦᠳᠡᠡᠶᠢᠨ ᠬᠣᠭᠣᠷᠣᠨᠳᠣ ᠠᠶᠠᠯᠠᠵᠤ ᠰᠢᠪᠢᠷᠢ ᠶᠢᠨ ᠰᠠᠩᠬᠦᠦ᠂ ᠡᠳ᠋ ᠍ ᠍ ᠍ ᠦᠨ ᠵᠠᠰᠠᠭ ᠤᠨ ᠢᠨᠰᠲ᠋ᠢᠲ᠋ᠦᠶᠢᠲ ᠢ ᠣᠨᠴᠠ ᠳᠦᠩ ᠲᠡᠢ ᠲᠡᠭᠦᠰᠴᠦ ᠰᠠᠩᠬᠦᠦ ᠡᠳ᠋ ᠍ ᠍ ᠍ ᠦᠨ ᠵᠠᠰᠠᠭᠴᠢ ᠶᠢᠨ ᠮᠡᠷᠭᠡᠵᠢᠯ ᠡᠵᠡᠮᠰᠢᠵᠡᠢ᠃

1938 ᠣᠨ ᠳᠤ ᠤᠯᠠᠭᠠᠨᠪᠠᠭᠠᠲᠤᠷ ᠷᠤ ᠪᠤᠴᠠᠵᠤ ᠰᠠᠩᠬᠦᠦ ᠶᠢᠨ ᠲᠧᠭᠨᠢᠭᠺᠦ᠋ᠮ ᠳᠦ ᠬᠢᠴᠢᠶᠡᠯ ᠦᠨ ᠡᠷᠬᠢᠯᠡᠭᠴᠢ ᠪᠡᠷ ᠠᠵᠢᠯᠯᠠᠵᠤ ᠪᠠᠶᠢᠭᠠᠳ 1939 ᠣᠨ ᠤ 3 ᠍ ᠍ ᠍ ᠳᠦᠭᠡᠷ ᠰᠠᠷ᠎ᠠ ᠠᠴᠠ ᠰᠠᠩ ᠤᠨ ᠶᠠᠮᠤᠨ ᠤ ᠳᠡᠳ᠋ ᠰᠠᠶᠢᠳ᠂ 7 ᠍ ᠍ ᠍ ᠳᠦᠭᠡᠷ ᠰᠠᠷ᠎ᠠ ᠠᠴᠠ 1940 ᠣᠨ ᠤ 4 ᠍ ᠍ ᠍ ᠳᠦᠭᠡᠷ ᠰᠠᠷ᠎ᠠ ᠬᠦᠷᠲᠡᠯ᠎ᠡ ᠰᠠᠩ ᠤᠨ ᠶᠠᠮᠤᠨ ᠤ ᠰᠠᠶᠢᠳ ᠢᠶᠠᠷ ᠠᠵᠢᠯᠯᠠᠵᠤ᠂ ᠡᠨᠡ ᠬᠤᠭᠤᠴᠠᠭᠠᠨ ᠳᠤ ᠪᠠᠨ ᠮᠣᠩᠭᠣᠯ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠪᠠᠩᠬᠢᠨ ᠤ ᠶᠡᠷᠦᠩᠬᠡᠢ ᠬᠣᠷᠢᠶᠠᠨ ᠤ ᠳᠠᠷᠤᠭ᠎ᠠ ᠶᠢᠨ ᠠᠵᠢᠯ ᠢ ᠬᠠᠪᠰᠤᠷᠤᠨ ᠭᠦᠢᠴᠡᠳᠭᠡᠵᠡᠢ᠃ 1940 ᠣᠨ ᠤ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠬ ᠶᠡᠬᠡ ᠬᠤᠷᠠᠯ ᠢᠶᠠᠷ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠤᠶᠤ ᠨᠠᠮ ᠤᠨ ᠳᠠᠷᠤᠭ᠎ᠠ ᠪᠠᠷ ᠰᠣᠩᠭᠣᠭᠳᠠᠵᠤ 1984 ᠣᠨ ᠤ 8 ᠍ ᠍ ᠍ ᠳᠦᠭᠡᠷ ᠰᠠᠷ᠎ᠠ ᠬᠦᠷᠲᠡᠯ᠎ᠡ 44 ᠵᠢᠯ ᠲᠠᠰᠤᠷᠠᠯᠲᠠ ᠦᠭᠡᠢ ᠠᠵᠢᠯᠯᠠᠵᠠᠢ᠃ ᠮᠥᠨ ᠡᠨᠡᠬᠦ 44 ᠵᠢᠯ ᠦᠨ ᠬᠤᠭᠤᠴᠠᠭᠠᠨ ᠳᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠪᠠᠶᠢᠪᠠ᠃

1945-1952 ᠣᠨ ᠳᠤ ᠶᠡᠷᠦᠩᠬᠡᠢ ᠰᠠᠶᠢᠳ ᠬ᠃ᠴᠣᠶᠢᠪᠠᠯᠰᠠᠩ ᠤᠨ ᠣᠷᠣᠯᠠᠭᠴᠢ᠂ ᠤᠯᠤᠰ ᠤᠨ ᠲᠥᠯᠦᠪᠯᠡᠭᠡᠨ ᠦ ᠬᠣᠷᠢᠶᠠᠨ ᠤ ᠳᠠᠷᠤᠭ᠎ᠠ᠂ 1952 ᠣᠨ ᠳᠤ ᠮᠠᠷᠱᠠᠯ ᠬᠣᠷᠯᠤ᠎ᠠ ᠶᠢᠨ ᠴᠣᠶᠢᠪᠠᠯᠰᠠᠩ ᠨᠠᠰᠤ ᠪᠠᠷᠠᠭᠰᠠᠨ ᠢᠶᠠᠷ ᠶᠡᠷᠦᠩᠬᠡᠢ ᠰᠠᠶᠢᠳ ᠪᠣᠯᠵᠤ 1974 ᠣᠨ ᠤ 6 ᠰᠠᠷ᠎ᠠ ᠶᠢᠨ 11 ᠍ ᠍ ᠍ ᠳᠦ ᠲᠥᠷᠥ ᠶᠢᠨ ᠲᠡᠷᠢᠭᠦᠨ ᠪᠣᠯᠬᠤ ᠬᠦᠷᠲᠡᠯ᠎ᠡ ᠡᠨᠡ ᠠᠯᠪᠠ ᠶᠢ ᠬᠠᠰᠢᠭᠰᠠᠨ ᠪᠠᠶᠢᠨ᠎ᠠ᠃ 1974-1984 ᠣᠨ ᠳᠤ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ ᠳᠠᠷᠤᠭ᠎ᠠ ᠪᠤᠶᠤ ᠲᠥᠷᠥ ᠶᠢᠨ ᠲᠡᠷᠢᠭᠦᠨ ᠢᠶᠡᠷ ᠠᠵᠢᠯᠯᠠᠭᠰᠠᠨ ᠶᠤᠮ᠃

1984 ᠣᠨ ᠤ 8 ᠰᠠᠷ᠎ᠠ ᠳᠤ ᠬᠥᠭᠰᠢᠷᠡᠯ ᠳᠤ᠂ ᠣᠶᠤᠨ ᠤ ᠳᠣᠷᠣᠶᠢᠲᠠᠯ ᠭᠡᠬᠦ ᠵᠡᠷᠭᠡ ᠰᠢᠯᠲᠠᠭᠠᠨ ᠢᠶᠠᠷ ᠼᠡᠳᠡᠨᠪᠠᠯ ᠢ ᠲᠡᠳᠬᠦᠪᠦᠷᠢ ᠳᠦ ᠨᠢ ᠭᠠᠷᠭᠠᠵᠤ᠂ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠷ ᠵᠠᠩᠪᠠ ᠶᠢᠨ ᠪᠠᠲᠤᠮᠦ᠋ᠩᠬᠡ ᠰᠣᠩᠭᠣᠭᠳᠠᠭᠰᠠᠨ᠃ ᠼᠡᠳᠡᠨᠪᠠᠯ ᠨᠠᠰᠤ ᠪᠠᠷᠠᠬᠤ ᠬᠦᠷᠲᠡᠯ᠎ᠡ ᠮᠣᠰᠺᠸᠠ ᠳᠤ ᠪᠠᠷᠤᠭ ᠭᠡᠷ ᠦᠨ ᠬᠣᠷᠢᠭᠠᠨ ᠳᠤ ᠠᠮᠢᠳᠤᠷᠠᠭᠰᠠᠨ ᠪᠥᠭᠡᠳ 1991 ᠣᠨ ᠳᠤ ᠨᠠᠰᠤ ᠪᠠᠷᠠᠬᠤ ᠳᠤ ᠴᠣᠭᠴᠠᠰ ᠢ ᠨᠢ ᠤᠯᠠᠭᠠᠨᠪᠠᠭᠠᠲᠤᠷ ᠲᠤ ᠠᠪᠴᠢᠷᠠᠵᠤ᠂ ᠠᠯᠲᠠᠨ ᠥᠯᠥᠭᠡᠢ ᠳᠦ ᠣᠷᠣᠰᠢᠭᠤᠯᠵᠠᠢ᠃

ᠨᠠᠰᠤ ᠪᠠᠷᠠᠭᠰᠠᠨ ᠤ ᠬᠢ ᠨᠢ ᠳᠠᠷᠠᠭ᠎ᠠ ᠤᠯᠠᠭᠠᠨᠪᠠᠭᠠᠲᠤᠷ ᠬᠣᠳᠠ ᠳᠤ УДЭТ ᠍ ᠍ ᠍ ᠤᠨ ᠡᠮᠦᠨᠡᠬᠢ ᠲᠠᠯᠠᠪᠠᠢ ᠶᠢ ᠼᠡᠳᠡᠨᠪᠠᠯ ᠤᠨ ᠨᠡᠷᠡᠮᠵᠢᠲᠦ ᠪᠣᠯᠭᠠᠵᠤ᠂ ᠬᠥᠰᠢᠶ᠎ᠡ ᠶᠢ ᠨᠢ ᠪᠣᠰᠬᠠᠵᠠᠢ᠃ ᠮᠥᠨ ᠤᠯᠠᠭᠠᠨᠪᠠᠭᠠᠲᠤᠷ ᠬᠣᠲᠠ ᠶᠢᠨ ᠡᠷᠢᠯ ᠳᠤᠮᠳᠠ ᠰᠤᠷᠭᠠᠭᠤᠯᠢ ᠶᠢᠨ ᠡᠮᠦᠨᠡᠬᠢ ᠲᠠᠯᠠᠪᠠᠢ᠂ ᠤᠪᠰᠤ ᠠᠶᠢᠮᠠᠭ ᠤᠨ ᠤᠯᠠᠭᠠᠨᠠᠭᠠᠮ ᠬᠣᠲᠠ ᠶᠢᠨ ᠲᠥᠪ ᠲᠠᠯᠠᠪᠠᠢ᠂ ᠲᠦᠷᠦᠭᠰᠡᠨ ᠰᠤᠮᠤ ᠪᠣᠯᠬᠤ ᠳᠠᠪᠤᠰᠤᠲᠤ ᠰᠤᠮᠤᠨ ᠳᠤ ᠲᠤᠰ ᠲᠤᠰ ᠬᠥᠰᠢᠶ᠎ᠡ ᠶᠢ ᠨᠢ ᠪᠣᠰᠬᠠᠵᠠᠢ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠨ ᠦᠨᠳᠦᠰᠦᠲᠡᠨ ᠦ ᠮᠢᠨᠢ ᠪᠠᠬᠠᠷᠬᠠᠯ

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠮᠦᠨᠡᠬᠢ
ᠬᠣᠷᠯᠤ᠎ᠠ ᠶᠢᠨ ᠴᠣᠶᠢᠪᠠᠯᠰᠠᠩ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠵᠠᠮᠪᠠ ᠶᠢᠨ ᠪᠠᠲᠤᠮᠦ᠋ᠩᠬᠡ
ᠡᠮᠦᠨᠡᠬᠢ
ᠰᠣᠨᠣᠮ ᠤᠨ ᠯᠤᠪᠰᠠᠩ
ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ ᠳᠠᠷᠤᠭ᠎ᠠ
{{{on}}}
ᠳᠠᠷᠠᠭᠠᠬᠢ
{{{ᠳᠠᠷᠠᠭ᠎ᠠ}}}

ᠪᠢᠴᠢᠭᠡᠰᠦ