ᠬᠣᠯᠪᠣᠭᠠᠲᠠᠨ ᠭᠤᠷᠪᠠᠨ ᠭᠦᠷᠦᠨ ᠦ ᠤᠳᠤᠷᠢᠳᠤᠭᠴᠢᠳ ᠤᠨ ᠶᠠᠯᠠᠲᠤ ᠶᠢᠨ ᠠᠭᠤᠯᠵᠠᠯᠲᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
— «ᠶᠠᠯᠠᠲᠤ ᠶᠢᠨ ᠪᠠᠭ᠎ᠠ ᠬᠤᠷᠠᠯ» ᠭᠡᠳ ᠬᠣᠯᠪᠣᠭᠳᠠᠪᠠ —
ᠬᠠᠷᠠᠶᠢᠬᠤ: ᠤᠳᠤᠷᠢᠳᠬᠤ, ᠬᠠᠶᠢᠯᠲᠠ

ᠬᠣᠯᠪᠣᠭᠠᠲᠠᠨ ᠭᠤᠷᠪᠠᠨ ᠭᠦᠷᠦᠨ ᠦ ᠤᠳᠤᠷᠢᠳᠤᠭᠴᠢᠳ ᠤᠨ ᠶᠠᠯᠠᠲᠤ ᠶᠢᠨ ᠠᠭᠤᠯᠵᠠᠯᠲᠠ-ᠳᠡᠯᠡᠬᠡᠢ ᠶᠢᠨ ᠬᠣᠶᠠᠳᠤᠭᠠᠷ ᠳᠠᠶᠢᠨᠢ ᠦᠶ᠎ᠡ ᠳᠦ ᠭᠧᠷᠮᠠᠨᠢ ᠪᠤᠶᠤ ᠲᠡᠩᠬᠡᠯᠢᠭ ᠦᠨ ᠭᠦᠷᠦᠨ ᠨᠦᠭᠦᠳ ᠦᠨ ᠡᠰᠡᠷᠬᠦ ᠬᠣᠯᠪᠣᠭᠠᠲᠠᠨ ᠤ ᠡᠪᠰᠡᠯᠡᠶᠢᠭ ᠪᠦᠷᠢᠳᠦᠭᠦᠯᠦᠭᠴᠢ ᠨᠠᠷ ᠠᠴᠠ ᠭᠣᠣᠯᠯᠠᠬᠤ ᠭᠤᠷᠪᠠᠨ ᠤᠯᠤᠰ ᠤᠨ ᠲᠡᠷᠢᠭᠦᠨ ᠵᠥᠪᠯᠡᠯᠲᠦ ᠬᠣᠯᠪᠣᠭᠠᠲᠤ ᠤᠯᠤᠰ ᠍ ᠤᠨ ᠢ᠃ᠸ᠃ ᠰᠲ᠋ᠠᠯᠢᠨᠠᠮᠧᠷᠢᠺᠠ ᠶᠢᠨ ᠨᠢᠭᠡᠳᠦᠭᠰᠡᠨ ᠤᠯᠤᠰ ᠍ ᠤᠨ ᠶᠡᠷᠦᠩᠬᠡᠶᠢᠯᠡᠭᠴᠢ ᠹᠷᠠᠨᠺᠯᠢᠨ ᠷᠦᠽᠸᠧᠯᠲᠶᠡᠬᠡ ᠪᠷᠢᠲ᠋ᠠᠨᠶᠡᠷᠦᠩᠬᠡᠢ ᠰᠠᠶᠢᠳ ᠤᠢᠨᠰᠲ᠋ᠣᠨ ᠴᠧᠷᠴᠢᠯ ᠨᠠᠷ ᠤᠨ 1945 ᠣᠨ ᠤ 2 ᠰᠠᠷ᠎ᠠ ᠳᠤ ᠵᠥᠪᠯᠡᠯᠲᠦ ᠬᠣᠯᠪᠣᠭᠠᠲᠤ ᠤᠯᠤᠰ ᠤᠨ ᠬᠠᠷ᠎ᠠ ᠲᠡᠩᠭᠢᠰᠡᠶᠢᠨ ᠡᠷᠭᠢ ᠳᠦ ᠤᠷᠤᠰᠢᠬᠤ ᠢᠯᠲᠠ ᠬᠣᠲᠠᠣᠳ ᠬᠢᠭᠰᠡᠨ ᠠᠭᠤᠯᠵᠠᠯᠲᠠ ᠶᠢ ᠬᠡᠯᠡᠳᠡᠭ᠃ ᠶᠠᠯᠠᠲᠤ ᠶᠢᠨ ᠠᠭᠤᠯᠵᠠᠯᠲᠠ ᠪᠠᠷ ᠭᠧᠷᠮᠠᠨ ᠢ ᠢᠯᠠᠭᠰᠠᠨ ᠤ ᠳᠠᠷᠠᠭ᠎ᠠ ᠧᠦ᠋ᠷᠣᠫᠠ ᠲᠢᠪ ᠪᠠ ᠳᠡᠯᠡᠬᠡᠢᠨ ᠬᠡᠮᠵᠢᠶᠡᠨ ᠳᠦ ᠨᠥᠯᠥᠭᠡᠯᠡᠯ ᠦᠨ ᠬᠦᠷᠢᠶ᠎ᠡ ᠪᠡᠨ ᠬᠡᠷᠬᠢᠨ ᠬᠤᠪᠢᠶᠠᠬᠤ ᠲᠠᠯ᠎ᠠ ᠪᠠᠷ ᠲᠣᠬᠢᠷᠠᠯᠴᠠᠭ᠎ᠠ ᠶᠢ ᠬᠢᠭᠰᠡᠨ ᠪᠠᠶᠢᠨ᠎ᠠ᠃ ᠬᠣᠯᠪᠣᠭᠠᠲᠠᠨ ᠪᠣᠯᠬᠤ ᠠᠮᠧᠷᠢᠺᠠ ᠶᠢᠨ ᠨᠢᠭᠡᠳᠦᠭᠰᠡᠨ ᠤᠯᠤᠰ᠂ ᠠᠩᠭᠯᠢ ᠬᠣᠶᠠᠷ ᠭᠧᠷᠮᠠᠨ ᠢ ᠢᠯᠠᠭᠰᠠᠨ ᠤ ᠳᠠᠷᠠᠭ᠎ᠠ ᠵᠥᠪᠯᠡᠯᠲᠦ ᠬᠣᠯᠪᠣᠭᠠᠲᠤ ᠤᠯᠤᠰ ᠢ ᠶᠠᠫᠣᠨᠢ ᠡᠰᠡᠷᠬᠦ ᠳᠠᠶᠢᠨ ᠳᠤ ᠣᠷᠤᠯᠴᠠᠭᠤᠯᠬᠤ ᠶᠢ ᠬᠦᠰᠡᠭᠰᠡᠨ ᠪᠠᠶᠢᠨ᠎ᠠ᠃ ᠢ᠃ᠰᠲ᠋ᠠᠯᠢᠨ ᠭᠧᠷᠮᠠᠨ ᠢ ᠢᠯᠠᠭᠰᠠᠨ ᠤ ᠳᠠᠷᠠᠭ᠎ᠠ 3 ᠰᠠᠷ᠎ᠠ ᠶᠢᠨ ᠳᠠᠷᠠᠭ᠎ᠠ ᠶᠠᠫᠣᠨ ᠤ ᠡᠰᠡᠷᠬᠦ ᠳᠠᠶᠢᠨ ᠢ ᠡᠬᠢᠯᠡᠭᠦᠯᠬᠦ ᠪᠣᠯᠤᠮᠵᠢ ᠲᠠᠢ ᠭᠡᠬᠦ ᠳᠦ ᠪᠡᠨ ᠳᠠᠷᠠᠭᠠᠬᠢ ᠨᠥᠬᠥᠴᠡᠯ ᠦᠳ ᠢ ᠪᠡᠶᠡᠯᠡᠭᠦᠯᠦᠭᠰᠡᠨ ᠲᠣᠬᠢᠶᠠᠯᠳᠤᠯ ᠳᠤ ᠳᠠᠶᠢᠨ ᠳᠤ ᠣᠷᠣᠯᠴᠠᠨ᠎ᠠ ᠭᠡᠰᠡᠨ ᠪᠠᠶᠢᠨ᠎ᠠ᠃ ᠰᠲ᠋ᠠᠯᠢᠨ ᠤ ᠰᠠᠨᠠᠯ ᠢ ᠬᠣᠯᠪᠣᠭᠠᠲᠠᠨ ᠨᠤᠭᠤᠳ ᠵᠥᠪᠰᠢᠶᠡᠷᠡᠭᠰᠡᠨ ᠪᠠ ᠭᠧᠷᠮᠠᠨ ᠢ ᠢᠯᠠᠭᠰᠠᠨ ᠤ ᠳᠠᠷᠠᠭ᠎ᠠ ᠳᠠᠬᠢᠨ ᠠᠭᠤᠯᠵᠠᠵᠤ ᠠᠰᠠᠭᠤᠳᠠᠯ ᠤᠳ ᠢᠶᠠᠨ ᠨᠠᠷᠢᠪᠴᠢᠯᠠᠨ ᠲᠣᠭᠲᠠᠶ᠎ᠠ ᠭᠡᠵᠦ ᠲᠣᠬᠢᠷᠠᠭᠰᠠᠨ ᠪᠠᠶᠢᠨ᠎ᠠ᠃ ᠰᠲ᠋ᠠᠯᠢᠨ ᠤ ᠰᠠᠨᠠᠯ ᠨᠢ:

ᠡᠨᠡᠬᠦ ᠠᠭᠤᠯᠵᠠᠯᠲᠠ ᠶᠢᠨ ᠦᠷ᠎ᠡ ᠳ᠋ᠦᠩ ᠳᠦ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠪᠤᠶᠤ ᠮᠣᠩᠭᠣᠯ ᠤᠯᠤᠰ ᠍ ᠢ ᠬᠦᠯᠢᠶᠡᠨ ᠵᠦᠪᠰᠢᠶᠡᠷᠡᠬᠦ ᠠᠰᠠᠭᠤᠳᠠᠯ ᠦᠨᠳᠦᠰᠦᠨ ᠳᠦ ᠪᠡᠨ ᠳᠡᠯᠡᠬᠡᠢ ᠶᠢᠨ ᠶᠡᠬᠡ ᠭᠦᠷᠦᠨ ᠨᠦᠭᠦᠳ ᠦᠨ ᠬᠡᠮᠵᠢᠶᠡᠨ ᠳᠦ ᠠᠩᠬ᠎ᠠ ᠤᠳᠠᠭ᠎ᠠ ᠬᠦᠯᠢᠶᠡᠨ ᠵᠥᠪᠰᠢᠶᠡᠷᠡᠭᠳᠡᠭᠰᠡᠨ ᠶᠤᠮ᠃

ᠪᠢᠴᠢᠭᠡᠰᠦ