ᠶᠡᠬᠡ ᠬᠤᠷᠠᠯᠳᠠᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠶᠡᠬᠡ ᠬᠤᠷᠠᠯᠳᠠᠢ ᠨᠢ ᠬᠠᠭᠠᠨ ᠤ ᠠᠯᠲᠠᠨ ᠤᠷᠤᠭ᠂ ᠨᠣᠶᠠᠳ ᠲᠦᠰᠢᠮᠡᠳ ᠡᠴᠡ ᠪᠦᠷᠢᠯᠳᠦᠭᠰᠡᠨ ᠢᠵᠠᠭᠤᠷᠲᠠᠨ ᠤ ᠬᠤᠷᠠᠯ ᠶᠤᠮ᠃ ᠬᠤᠷᠠᠯᠳᠠᠢ ᠳᠤ ᠬᠠᠭᠠᠨᠲᠤ ᠤᠯᠤᠰ ᠤᠨ ᠲᠣᠮᠣ ᠨᠣᠶᠠᠳ ᠲᠦᠰᠢᠮᠡᠳ ᠣᠷᠣᠯᠴᠠᠳᠠᠭ᠃ ᠬᠠᠭᠠᠨ ᠡᠷᠭᠦᠮᠵᠢᠯᠡᠬᠦ ᠬᠤᠷᠠᠯᠳᠠᠢ ᠳᠤ ᠬᠠᠭᠠᠨ᠂ ᠲᠡᠭᠦᠨ ᠦ ᠬᠠᠲᠤᠳ᠂ ᠬᠥᠪᠡᠭᠦᠳ᠂ ᠬᠠᠮᠢᠶᠠᠲᠠᠨ ᠰᠠᠳᠤᠨ ᠣᠷᠣᠯᠴᠠᠳᠠᠭ ᠪᠠᠶᠢᠭᠰᠠᠨ᠃ ᠴᠡᠷᠢᠭ ᠳᠠᠶᠢᠨ ᠤ ᠠᠰᠠᠭᠤᠳᠠᠯ᠂ ᠠᠯᠪᠠᠨ ᠲᠤᠰᠢᠶᠠᠯᠲᠠᠨ ᠢ ᠲᠤᠮᠢᠯᠠᠬᠤ᠂ ᠭᠡᠷ᠎ᠡ ᠬᠡᠯᠡᠯᠴᠡᠭᠡᠷ᠂ ᠳᠣᠲᠣᠭᠠᠳᠤ ᠭᠠᠳᠠᠭᠠᠳᠤ ᠠᠰᠠᠭᠤᠳᠠᠯ ᠭᠡᠬᠦ ᠮᠡᠲᠦ ᠶᠢ ᠬᠡᠯᠡᠯᠴᠡᠳᠡᠭ᠃ ᠬᠠᠭᠠᠨ ᠢ ᠡᠷᠭᠦᠮᠵᠢᠯᠡᠬᠦ᠂ ᠬᠠᠭᠠᠨ ᠳᠤ ᠵᠥᠪᠯᠡᠬᠦ᠂ ᠲᠥᠷᠥ ᠶᠢᠨ ᠳᠡᠭᠡᠳᠦ ᠡᠷᠬᠡ ᠮᠡᠳᠡᠯ ᠢ ᠬᠡᠨ ᠨᠢᠭᠡ ᠡᠲᠡᠭᠡᠳ ᠳᠤᠷ᠎ᠠ ᠮᠡᠳᠡᠨ ᠬᠤᠤᠪᠢᠯᠳᠤᠨ ᠪᠤᠯᠢᠶᠠᠨ ᠠᠪᠬᠤ ᠠᠴᠠ ᠰᠡᠷᠭᠡᠶᠢᠯᠡᠬᠦ᠂ ᠰᠢᠨ᠎ᠡ ᠪᠡᠷ ᠡᠷᠭᠦᠮᠵᠢᠯᠡᠭᠳᠡᠬᠦ ᠬᠠᠭᠠᠨ ᠤ ᠬᠠᠤᠯᠢ ᠵᠦᠢ ᠶᠢᠨ ᠦᠨᠳᠦᠰᠦ ᠶᠢ ᠪᠠᠲᠤᠯᠠᠭᠠᠵᠢᠭᠤᠯᠬᠤ ᠳᠤ ᠴᠢᠬᠤᠯᠠ ᠡᠭᠦᠷᠭᠡ ᠭᠦᠢᠴᠡᠳᠭᠡᠭᠰᠡᠨ᠃

ᠪᠢᠴᠢᠭᠡᠰᠦ