ᠸᠠᠯᠶᠦ᠋ᠲ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠸᠠᠯᠶᠦ᠋ᠲ (ᠢᠲ᠋ᠠᠯᠢ ᠪᠡᠷ Valuta) ᠭᠡᠳᠡᠭ ᠢᠲ᠋ᠠᠯᠢ ᠬᠡᠯᠡᠨ ᠡᠴᠡ ᠭᠠᠷᠤᠯ ᠲᠠᠢ ᠦᠨ᠎ᠡ ᠥᠷᠲᠡᠭ ᠭᠡᠰᠡᠨ ᠤᠳᠬ᠎ᠠ ᠲᠠᠢ ᠦᠭᠡ ᠪᠥᠭᠡᠳ ᠨᠢᠭᠡ ᠡᠴᠡ ᠨᠥᠭᠥᠭᠡ ᠳᠦ ᠬᠦᠷᠪᠡᠬᠦ ᠬᠡᠯᠪᠡᠷᠢ ᠪᠡᠷ ᠤᠯᠤᠰ ᠬᠣᠭᠣᠷᠣᠨᠳᠣ ᠶᠢᠨ ᠡᠳ᠋ ᠍ ᠦᠨ ᠵᠠᠰᠠᠭ ᠤᠨ ᠬᠠᠷᠢᠯᠴᠠᠭᠠᠨ ᠳᠤ ᠦᠢᠯᠡᠴᠢᠯᠡᠭᠴᠢ ᠥᠨᠳᠥᠷ ᠬᠥᠭᠵᠢᠯᠲᠡᠢ ᠣᠷᠣᠨ ᠨᠤᠭᠤᠳ ᠤᠨ ᠮᠥᠩᠭᠥᠨ ᠦ ᠨᠢᠭᠡᠴᠡ ᠶᠤᠮ᠃

ᠦᠨᠳᠦᠰᠦᠨ ᠦ ᠸᠠᠯᠶᠦ᠋ᠲ[ᠵᠠᠰᠠᠪᠤᠷᠢᠯᠠᠬᠤ | ᠺᠣᠳ᠋ ᠢᠶᠠᠷ ᠵᠠᠰᠠᠬᠣ]

ᠦᠨᠳᠦᠰᠦᠨ ᠦ ᠸᠠᠯᠶᠦ᠋ᠲ ᠭᠡᠳᠡᠭ ᠨᠢ ᠲᠤᠬᠠᠢ ᠶᠢᠨ ᠤᠯᠤᠰ ᠤᠨ ᠬᠠᠤᠯᠢ ᠪᠠᠷ ᠵᠥᠪᠰᠢᠶᠡᠷᠡᠭᠳᠡᠭᠰᠡᠨ ᠮᠥᠩᠭᠥᠨ ᠦ ᠨᠢᠭᠡᠴᠡ ᠶᠤᠮ᠃ ᠦᠨᠳᠦᠰᠦᠨ ᠦ ᠮᠥᠩᠭᠥᠨ ᠲᠡᠮᠳᠡᠭ ᠭᠠᠷᠭᠠᠨ᠎ᠠ ᠭᠡᠳᠡᠭ ᠨᠢ ᠦᠨᠳᠦᠰᠦᠨ ᠦ ᠠᠶᠤᠯ ᠦᠭᠡᠢ ᠪᠠᠶᠢᠳᠠᠯᠲᠠᠢ ᠰᠢᠭᠤᠳ ᠬᠣᠯᠪᠣᠭ᠎ᠠ ᠲᠠᠢ᠃ ᠵᠢᠱᠢᠶ᠎ᠡ ᠨᠢ᠂ ᠮᠠᠨ ᠤ ᠮᠣᠩᠭᠣᠯ ᠤᠯᠤᠰ ᠍ ᠤᠨ ᠲᠥᠭᠥᠷᠢᠭ ᠪᠣᠯ ᠦᠨᠳᠦᠰᠦᠨ ᠦ ᠸᠠᠯᠶᠦ᠋ᠲ ᠮᠥᠨ᠃

ᠭᠠᠳᠠᠭᠠᠳᠤ ᠸᠠᠯᠶᠦ᠋ᠲ

ᠭᠠᠳᠠᠭᠠᠳᠤ ᠸᠠᠯᠶᠦ᠋ᠲ ᠭᠡᠳᠡᠭ ᠡᠷᠭᠢᠯᠲᠡᠨ ᠳᠦ ᠪᠠᠶᠢᠭ᠎ᠠ ᠲᠥᠯᠥᠪᠦᠷᠢ ᠶᠢᠨ ᠴᠢᠳᠠᠪᠤᠷᠢ ᠪᠦᠬᠦᠢ ᠨᠢᠭᠡ ᠪᠤᠶᠤ ᠬᠡᠳᠦ ᠬᠡᠳᠦᠨ ᠭᠠᠳᠠᠭᠠᠳᠤ ᠤᠯᠤᠰ ᠤᠨ ᠮᠥᠩᠭᠥᠨ ᠲᠡᠮᠳᠡᠭᠲᠦ ᠪᠡᠷ ᠢᠯᠡᠷᠬᠡᠶᠢᠯᠡᠭᠳᠡᠭᠰᠡᠨ᠂ ᠣᠯᠠᠨ ᠤᠯᠤᠰ ᠤᠨ ᠲᠥᠯᠥᠪᠦᠷᠢ ᠲᠣᠭᠠᠴᠠᠭᠠᠨ ᠳᠤ ᠲᠦᠭᠡᠮᠡᠯ ᠬᠡᠷᠡᠭᠯᠡᠭᠳᠡᠳᠡᠭ ᠦᠨᠡᠲᠦ ᠴᠠᠭᠠᠰᠤ᠂ ᠲᠥᠯᠥᠪᠦᠷᠢ ᠶᠢᠨ ᠬᠡᠷᠡᠭᠰᠡᠯ ᠢ ᠬᠡᠯᠡᠨ᠎ᠡ᠃ ᠡᠭᠦᠨ ᠳᠦ᠂ ᠭᠠᠳᠠᠭᠠᠳᠤ ᠮᠥᠩᠭᠥᠨ ᠲᠡᠮᠳᠡᠭᠲᠦ ᠪᠠ ᠵᠣᠭᠣᠰ᠂ ᠭᠠᠳᠠᠭᠠᠳᠤ ᠸᠠᠯᠦᠲ᠋ᠠ ᠪᠠᠷ ᠢᠯᠡᠷᠬᠡᠶᠢᠯᠡᠭᠳᠡᠭᠰᠡᠨ ᠪᠠᠩᠬᠢᠨ ᠤ ᠬᠠᠳᠠᠭᠠᠯᠠᠮᠵᠢ᠂ ᠴᠧᠺ᠂ ᠸᠧᠺᠰᠧᠯ ᠵᠡᠷᠭᠡ ᠣᠷᠣᠨ᠎ᠠ᠃

http://wiki.uhaan.com/index.php?title=ᠸᠠᠯᠶᠦ᠋ᠲ&oldid=381994》 ᠍  ᠡᠴᠡ ᠠᠪᠤᠭᠰᠠᠨ

ᠪᠢᠴᠢᠭᠡᠰᠦ