ᠫᠦᠷᠪᠦᠳᠣᠷᠵᠢ ᠶᠢᠨ ᠰᠡᠷᠳᠠᠮᠪᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
19:53, 30 ᠲᠠᠪᠤᠳᠤᠭᠠᠷ ᠰᠠᠷ᠎ᠠ 2015- ᠶᠢᠨ ᠪᠠᠢᠢᠳᠠᠯ ᠶᠢᠡᠷ ᠬᠢ OrgugeBot (ᠶᠠᠷᠢᠶ᠎ᠠ | ᠬᠤᠪᠢ ᠨᠡᠮᠡᠷᠢ) ᠬᠡᠷᠡᠭ᠍ᠯᠡᠭᠴᠢ ᠶᠢᠨ ᠬᠢᠭ᠍ᠰᠡᠨ ᠵᠠᠰᠠᠪᠤᠷᠢ

(ᠢᠯᠭᠠᠭ᠎ᠠ) ←ᠬᠠᠭᠤᠴᠢᠨ ᠵᠠᠰᠠᠪᠤᠷᠢ | ᠤᠳᠤ ᠶᠢᠨ ᠵᠠᠰᠠᠪᠤᠷᠢ (ᠢᠯᠭᠠᠭ᠎ᠠ) | ᠰᠢᠨ᠎ᠡ ᠵᠠᠰᠠᠪᠤᠷᠢ→ (ᠢᠯᠭᠠᠭ᠎ᠠ)
ᠬᠠᠷᠠᠶᠢᠬᠤ: ᠤᠳᠤᠷᠢᠳᠬᠤ, ᠬᠠᠶᠢᠯᠲᠠ
ᠫᠦᠷᠪᠦᠳᠣᠷᠵᠢ ᠶᠢᠨ ᠰᠡᠷᠳᠠᠮᠪᠠ
Serdamba-mongo.jpg

ᠡᠷᠡᠭᠲᠡᠶᠢᠴᠦᠳ ᠦᠨ ᠪᠣᠺᠰ
ᠲᠥᠯᠦᠭᠡᠯᠡᠳᠡᠭ ᠤᠯᠠᠰ: {{{ᠤᠯᠠᠰ}}}
ᠬᠤᠪᠢ ᠤᠨ ᠮᠡᠳᠡᠭᠡᠯᠡᠯ
ᠪᠦᠲᠦᠨ ᠨᠡᠷ᠎ᠡ ᠫᠦᠷᠪᠦᠳᠣᠷᠵᠢ ᠶᠢᠨ ᠰᠡᠷᠳᠠᠮᠪᠠ
ᠲᠦᠷᠦᠭᠰᠡᠨ ᠣᠩᠨᠠᠭ᠎ᠠ 1985.04.18
ᠲᠦᠷᠦᠭᠰᠡᠨ ᠭᠠᠵᠠᠷ ᠮᠣᠩᠭᠣᠯ ᠤᠯᠤᠰᠤᠯᠠᠭᠠᠨᠪᠠᠭᠠᠲᠤᠷ
 
ᠮᠧᠳᠠᠯ ᠤᠳ
ᠵᠤᠨ ᠤ ᠣᠯᠢᠮᠫᠢᠺ
ᠮᠥᠩᠭᠥ ᠪᠡᠭᠡᠵᠢᠩ 2008 -48 ᠺᠢᠯᠣᠭ᠍ᠷᠠᠮ
ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ
ᠠᠯᠲᠠ ᠮᠢᠯᠠᠨ 2009 -48 ᠺᠢᠯᠣᠭ᠍ᠷᠠᠮ
ᠬᠦᠷᠡᠯ ᠪᠠᠺᠦ᠋ 2011 -48 ᠺᠢᠯᠣᠭ᠍ᠷᠠᠮ

ᠫᠦᠷᠪᠦᠳᠣᠷᠵᠢ ᠶᠢᠨ ᠰᠡᠷᠳᠠᠮᠪᠠ 1985 ᠣᠨ ᠤ 4 ᠍ ᠳᠦᠭᠡᠷ ᠰᠠᠷ᠎ᠠ ᠶᠢᠨ 18 ᠍ ᠳᠦ ᠤᠯᠠᠭᠠᠨᠪᠠᠭᠠᠲᠤᠷ ᠬᠣᠳᠠ ᠳᠤ ᠲᠦᠷᠦᠭᠰᠡᠨ᠃ ᠨᠡᠶᠢᠰᠯᠡᠯ ᠦᠨ 57 ᠳ᠋ᠤᠭᠠᠷ ᠳᠤᠮᠳᠠ ᠰᠤᠷᠭᠠᠭᠤᠯᠢ ᠶᠢ ᠲᠡᠭᠦᠰᠦᠭᠰᠡᠨ᠃ ᠠᠪᠤ ᠡᠵᠢ᠂ ᠡᠭᠡᠴᠢ ᠶᠢᠨ ᠬᠠᠮᠲᠤ ᠠᠮᠢᠳᠤᠷᠠᠳᠠᠭ᠃ ᠪᠣᠺᠰ ᠤᠨ ᠰᠫᠣᠷᠲ ᠢᠶᠠᠷ 2000 ᠣᠨ ᠠᠴᠠ ᠡᠬᠢᠯᠡᠨ ᠬᠢᠴᠢᠶᠡᠯᠯᠡᠭᠰᠡᠨ᠃ ᠦᠨᠳᠦᠰᠦᠨ ᠦ ᠰᠢᠭᠰᠢᠭᠡ ᠪᠠᠭ ᠤᠨ ᠲᠠᠮᠢᠷᠴᠢᠨ᠃ ᠲᠡᠮᠡᠴᠡᠭᠡᠨ ᠳᠦ 48 ᠺᠢᠯᠣᠭᠷᠠᠮ᠂ 51 ᠺᠢᠯᠣᠭ᠍ᠷᠠᠮ ᠤᠨ ᠵᠢᠩᠭᠡ ᠨᠦᠭᠦᠳ ᠲᠦ ᠲᠣᠭᠯᠠᠳᠠᠭ᠃ ᠮᠣᠩᠭᠣᠯ ᠤᠯᠤᠰ ᠤᠨ ᠭᠠᠪᠢᠶᠠᠲᠤ ᠲᠠᠮᠢᠷᠴᠢᠨ᠂ ᠬᠥᠳᠡᠯᠮᠦᠷᠢ ᠶᠢᠨ ᠪᠠᠭᠠᠲᠤᠷ ᠴᠣᠯᠠ ᠲᠠᠢ᠃ 2008 ᠣᠨ ᠳᠤ ᠪᠡᠭᠡᠵᠢᠩ ᠦᠨ ᠣᠯᠢᠮᠫᠢᠺᠣ ᠠᠴᠠ -48 ᠺᠢᠯᠣᠭ᠍ᠷᠠᠮ ᠵᠢᠩ ᠳᠦ ᠮᠥᠩᠭᠥᠨ ᠮᠧᠳᠠᠯ᠂ 2009 ᠣᠨ ᠳᠤ ᠢᠲ᠋ᠠᠯᠢ ᠍ ᠶᠢᠨ ᠮᠢᠯᠠᠨ ᠬᠣᠳᠠ ᠳᠤ ᠵᠣᠬᠢᠶᠠᠭᠳᠠᠭᠰᠠᠨ ᠰᠣᠨᠢᠷᠬᠠᠭᠴᠢᠳ ᠤᠨ ᠪᠣᠺᠰ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨᠡ ᠡᠴᠡ ᠠᠯᠲᠠᠨ ᠮᠧᠳᠠᠯ ᠲᠤᠰ ᠲᠤᠰ ᠬᠦᠷᠢᠲᠦᠭᠰᠡᠨ᠃

ᠠᠮᠵᠢᠯᠲᠠ ᠶᠢᠨ ᠲᠣᠪᠴᠢᠶᠠᠨ[ᠵᠠᠰᠠᠪᠤᠷᠢᠯᠠᠬᠤ | ᠺᠣᠳ᠋ ᠢᠶᠠᠷ ᠵᠠᠰᠠᠬᠣ]

  • 2009 ᠣᠨ ᠳᠤ ᠮᠣᠩᠭᠣᠯ ᠤᠨ ᠲᠡᠦᠬᠡᠨ ᠳᠦ ᠠᠩᠬ᠎ᠠ ᠤᠳᠠᠭ᠎ᠠ ᠰᠣᠨᠢᠷᠬᠠᠭᠴᠢᠳ ᠤᠨ ᠪᠣᠺᠰ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠠᠪᠤᠷᠭᠤ ᠪᠣᠯᠤᠭᠰᠠᠨ
  • 2008 ᠣᠨ ᠳᠤ ᠣᠯᠢᠮᠫᠣᠳ ᠠᠩᠬ᠎ᠠ ᠤᠳᠤᠭ᠎ᠠ ᠪᠠᠨ ᠣᠷᠣᠯᠴᠠᠵᠤ ᠮᠣᠩᠭᠣᠯ ᠤᠨ ᠲᠡᠦᠬᠡᠨ ᠳᠦ ᠠᠩᠬ᠎ᠠ ᠤᠳᠠᠭ᠎ᠠ ᠪᠣᠺᠰ ᠤᠨ ᠲᠥᠷᠥᠯ ᠢᠶᠡᠷ ᠣᠯᠢᠮᠫᠢᠺ ᠤᠨ ᠮᠥᠩᠭᠥᠨ ᠮᠧᠳᠠᠯ ᠬᠦᠷᠲᠡᠭᠰᠡᠨ
  • 2007 ᠣᠨ ᠤ ᠠᠽᠢᠶ᠎ᠠ ᠲᠢᠪ ᠦᠨ ᠠᠪᠤᠷᠭᠤ
  • ᠭᠧᠷᠮᠠᠨᠬᠠᠯᠧ ᠬᠣᠳᠠ ᠳᠤ ᠪᠣᠯᠳᠠᠭ ᠬᠢᠮᠢ ᠶᠢᠨ ᠴᠣᠮᠣ ᠲᠡᠮᠡᠴᠡᠭᠡᠨ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠍ ᠤᠨ ᠫᠬᠡᠨᠢᠶᠠᠨ ᠬᠣᠳᠠ ᠳᠤ ᠪᠣᠯᠳᠠᠭ ᠣᠯᠠᠨ ᠤᠯᠤᠰ ᠤᠨ ᠲᠡᠮᠡᠴᠡᠭᠡᠨ ᠨᠦᠭᠦᠳ ᠦᠨ ᠮᠥᠩᠭᠥᠨ ᠮᠧᠳᠠᠯ ᠲᠠᠢ᠃ ᠤᠯᠤᠰ ᠤᠨ ᠠᠪᠤᠷᠭᠤ᠃
  • ᠣᠯᠢᠮᠫᠢᠺ ᠤᠨ ᠡᠷᠬᠡ ᠠᠪᠤᠭᠰᠠᠨ ᠲᠡᠮᠡᠴᠡᠭᠡᠨ: ᠬᠠᠰᠠᠭᠰᠲ᠋ᠠᠨ ᠤᠯᠤᠰ ᠤᠨ ᠠᠰᠲᠠᠨ᠎ᠠ ᠬᠣᠳᠠ ᠳᠤ ᠪᠣᠯᠤᠭᠰᠠᠨ ᠣᠯᠢᠮᠫᠢᠺ ᠤᠨ ᠡᠷᠬᠡ ᠣᠯᠭᠣᠬᠤ ᠣᠯᠠᠨ ᠤᠯᠤᠰ ᠤᠨ ᠲᠡᠮᠡᠴᠡᠭᠡᠨ ᠦ 48 ᠺᠢᠯᠣᠭ᠍ᠷᠠᠮ ᠤᠨ ᠵᠢᠩ ᠳᠦ ᠮᠥᠩᠭᠥᠨ ᠮᠧᠳᠠᠯ ᠬᠦᠷᠢᠲᠦᠵᠦ᠂ ᠪᠡᠭᠡᠵᠢᠩ-2008 ᠣᠯᠢᠮᠫᠢᠺ ᠤᠨ ᠡᠷᠬᠡ ᠠᠪᠤᠭᠰᠠᠨ᠃

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ