ᠬᠠᠯᠬ᠎ᠠ ᠭᠣᠣᠯ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
00:29, 5 ᠲᠦᠷᠪᠡᠳᠦᠭᠡᠷ ᠰᠠᠷ᠎ᠠ 2014- ᠶᠢᠨ ᠪᠠᠢᠢᠳᠠᠯ ᠶᠢᠡᠷ ᠬᠢ Orgio89 (ᠶᠠᠷᠢᠶ᠎ᠠ | ᠬᠤᠪᠢ ᠨᠡᠮᠡᠷᠢ) ᠬᠡᠷᠡᠭ᠍ᠯᠡᠭᠴᠢ ᠶᠢᠨ ᠬᠢᠭ᠍ᠰᠡᠨ ᠵᠠᠰᠠᠪᠤᠷᠢ

(ᠢᠯᠭᠠᠭ᠎ᠠ) ←ᠬᠠᠭᠤᠴᠢᠨ ᠵᠠᠰᠠᠪᠤᠷᠢ | ᠤᠳᠤ ᠶᠢᠨ ᠵᠠᠰᠠᠪᠤᠷᠢ (ᠢᠯᠭᠠᠭ᠎ᠠ) | ᠰᠢᠨ᠎ᠡ ᠵᠠᠰᠠᠪᠤᠷᠢ→ (ᠢᠯᠭᠠᠭ᠎ᠠ)
ᠬᠠᠷᠠᠶᠢᠬᠤ: ᠤᠳᠤᠷᠢᠳᠬᠤ, ᠬᠠᠶᠢᠯᠲᠠ

ᠬᠠᠯᠬ᠎ᠠ ᠭᠣᠣᠯ ᠪᠤᠶᠤ ᠬᠠᠯᠬ᠎ᠠ ᠶᠢᠨ ᠭᠣᠣᠯ ᠨᠢ ᠧᠦ᠋ᠷᠠᠽᠢ ᠍ ᠶᠢᠨ ᠵᠡᠭᠦᠨ ᠬᠣᠶᠢᠳᠤ ᠬᠡᠰᠡᠭ ᠢᠶᠡᠷ ᠤᠷᠤᠰᠬᠤ ᠭᠣᠣᠯ ᠪᠥᠭᠡᠳ ᠮᠣᠩᠭᠣᠯ ᠤᠯᠤᠰ ᠍ ᠤᠨ ᠵᠡᠭᠦᠨ ᠬᠡᠰᠡᠭ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠍ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠣᠶᠢᠳᠤ ᠬᠡᠰᠡᠭ ᠢᠶᠡᠷ ᠤᠷᠤᠰᠤᠨ᠎ᠠ᠃ ᠭᠣᠣᠯ ᠤᠨ ᠪᠠᠷᠠᠭᠤᠨ ᠡᠷᠭᠢ ᠨᠢ ᠵᠡᠭᠦᠨ ᠡᠷᠭᠢᠰᠡ ᠥᠨᠳᠥᠷ ᠲᠤᠯᠠ ᠵᠡᠭᠦᠨ ᠲᠠᠯ᠎ᠠ ᠠᠴᠠ ᠨᠢ ᠬᠠᠷᠠᠬᠤ ᠳᠤ ᠬᠠᠨ᠎ᠠ ᠬᠡᠷᠡᠮ ᠮᠡᠲᠦ ᠬᠠᠯᠬᠠᠯᠠᠵᠤ ᠬᠠᠷᠠᠭᠳᠠᠳᠠᠭ ᠠᠴᠠ ᠡᠶᠢᠮᠦ ᠨᠡᠷ᠎ᠡ ᠲᠡᠢ ᠪᠣᠯᠵᠠᠢ᠃

233 ᠺᠢᠯᠣᠮᠧᠲ᠋ᠷ ᠤᠷᠲᠤ ᠲᠠᠢ᠃ ᠤᠰᠤ ᠪᠠᠨ ᠴᠤᠭᠯᠠᠭᠤᠯᠬᠤ ᠲᠠᠯᠠᠪᠠᠢ ᠨᠢ 17,000 ᠺᠦᠸᠠᠳ᠋ ᠺᠢᠯᠣᠮᠧᠲ᠋ᠷ᠃ ᠶᠡᠬᠡ ᠬᠢᠩᠭᠠᠨ ᠤ ᠨᠢᠷᠤᠭᠤᠨ ᠤ ᠳᠠᠯᠠᠢ ᠶᠢᠨ ᠲᠦᠪᠰᠢᠨ ᠡᠴᠡ ᠳᠡᠭᠡᠭᠰᠢ 1443 ᠮᠧᠲ᠋ᠷ ᠥᠨᠳᠥᠷ ᠲᠦ ᠡᠷᠭᠦᠭᠳᠡᠭᠰᠡᠨ ᠭᠠᠵᠠᠷ ᠠᠴᠠ ᠡᠬᠢ ᠠᠪᠴᠤ᠂ ᠬᠥᠯᠦᠨ ᠪᠤᠶᠢᠷ ᠬᠣᠲᠠ ᠶᠢᠨ ᠨᠤᠲᠤᠭ ᠢᠶᠠᠷ ᠤᠷᠤᠰᠤᠭᠠᠳ ᠮᠣᠩᠭᠣᠯ ᠤᠯᠤᠰ ᠲᠤ ᠣᠷᠣᠵᠤ᠂ ᠳᠣᠷᠣᠨᠠᠲᠤ ᠠᠶᠢᠮᠠᠭ ᠤᠨ ᠬᠠᠯᠬᠠᠭᠠᠯ ᠰᠤᠮᠤ ᠍ ᠤᠨ ᠨᠤᠲᠤᠭ ᠢᠶᠠᠷ ᠤᠷᠤᠰᠴᠢ ᠪᠠᠶᠢᠭᠠᠳ ᠬᠣᠶᠠᠷ ᠣᠷᠣᠨ ᠤ ᠬᠢᠯᠢ ᠶᠢᠨ ᠱᠤᠭᠤᠮ ᠢ ᠲᠣᠳᠣᠷᠬᠠᠶᠢᠯᠠᠨ ᠲᠠᠬᠢᠷᠠᠯᠳᠤᠨ ᠤᠷᠤᠰᠤᠭᠰᠠᠭᠠᠷ ᠪᠤᠶᠢᠷ ᠨᠠᠭᠤᠷ ᠲᠤ ᠴᠢᠳᠬᠤᠨ᠎ᠠ᠃ ᠬᠠᠯᠬ᠎ᠠ ᠭᠣᠣᠯ ᠳᠤ ᠬᠠᠶᠢᠯᠠᠰᠤᠲᠤ ᠶᠢᠨ ᠭᠣᠣᠯ ᠴᠢᠳᠬᠤᠳᠠᠭ᠃

ᠲᠡᠭᠦᠰᠬᠡᠯ ᠬᠡᠰᠡᠭ ᠨᠢ ᠬᠣᠶᠠᠷ ᠰᠠᠯᠠᠭᠠᠯᠠᠳᠠᠭ ᠪᠥᠭᠡᠳ ᠨᠢᠭᠡ ᠨᠢ ᠪᠤᠶᠢᠷ ᠨᠠᠭᠤᠷ ᠤᠨ ᠪᠠᠷᠠᠭᠤᠨ ᠬᠣᠶᠢᠳᠤ ᠬᠡᠰᠡᠭ ᠲᠦ ᠴᠢᠳᠬᠤᠨ᠂ ᠶᠠᠭ ᠬᠣᠶᠢᠳᠤ ᠲᠠᠯ᠎ᠠ ᠠᠴᠠ ᠨᠢ ᠣᠷᠣᠴᠤᠩ ᠭᠣᠣᠯ ᠤᠷᠤᠰᠤᠨ ᠭᠠᠷᠴᠤ ᠳᠠᠯᠠᠢ ᠨᠠᠭᠤᠷ ᠲᠤ ᠴᠢᠳᠬᠤᠨ᠎ᠠ᠃ ᠬᠠᠷᠢᠨ ᠨᠥᠭᠥᠭᠡ ᠨᠢ ᠰᠢᠷᠠᠯᠵᠢ ᠶᠢᠨ ᠭᠣᠣᠯ ᠭᠡᠭᠡ ᠳᠦ ᠬᠢ ᠪᠥᠭᠡᠳ ᠪᠤᠶᠢᠷ ᠨᠠᠭᠤᠷ ᠲᠤ ᠴᠢᠳᠬᠤᠯ ᠦᠭᠡᠢ ᠰᠢᠭᠤᠳ ᠣᠷᠣᠴᠤᠩ ᠭᠣᠣᠯ ᠳᠤ ᠨᠡᠶᠢᠯᠡᠳᠡᠭ ᠪᠠᠶᠢᠨ᠎ᠠ᠃

ᠬᠠᠯᠬ᠎ᠠ ᠭᠣᠣᠯ ᠤᠨ ᠣᠷᠴᠢᠮ ᠳᠤ 1939 ᠣᠨ ᠳᠤ ᠶᠠᠫᠣᠨᠮᠠᠨᠵᠤ ᠭᠣᠭᠡᠶᠢᠨ ᠲᠠᠯ᠎ᠠ ᠪᠣᠯᠤᠨ ᠵᠥᠪᠯᠡᠯᠲᠦ ᠬᠣᠯᠪᠣᠭᠠᠲᠤ ᠤᠯᠤᠰ᠂ ᠮᠣᠩᠭᠣᠯ ᠤᠨ ᠬᠣᠭᠣᠷᠣᠨᠳᠣ ᠳᠠᠶᠢᠨ ᠭᠠᠷᠴᠤ ᠪᠠᠶᠢᠭᠰᠠᠨ ᠪᠢᠯᠡ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

]

ᠪᠢᠴᠢᠭᠡᠰᠦ