ᠴᠠᠬᠢᠭ᠎ᠠ ᠶᠢᠨ ᠡᠯᠪᠡᠭᠳᠣᠷᠵᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠴᠠᠬᠢᠭ᠎ᠠ ᠶᠢᠨ ᠡᠯᠪᠡᠭᠳᠣᠷᠵᠢ
ᠴᠠᠬᠢᠭ᠎ᠠ ᠶᠢᠨ ᠡᠯᠪᠡᠭᠳᠣᠷᠵᠢ
<small/></center>

ᠪᠦᠷᠢᠨ ᠡᠷᠬᠡ ᠶᠢᠨ ᠬᠤᠭᠤᠴᠠᠭ᠎ᠠ: 2009 ᠣᠨ ᠤ 6 ᠰᠠᠷ᠎ᠠ ᠶᠢᠨ 18 –

ᠪᠦᠷᠢᠨ ᠡᠷᠬᠡ ᠶᠢᠨ ᠬᠤᠭᠤᠴᠠᠭ᠎ᠠ: 1998 ᠣᠨ ᠤ 4 ᠰᠠᠷ᠎ᠠ ᠶᠢᠨ 23 – 1998 ᠣᠨ ᠤ 12 ᠰᠠᠷ᠎ᠠ ᠶᠢᠨ 9
ᠲᠥᠷᠥ ᠶᠢᠨ ᠲᠡᠷᠢᠭᠦᠨ: ᠨᠠᠴᠤᠭ ᠤᠨ ᠪᠠᠭᠠᠪᠠᠨᠳᠢ

23ᠳᠠᠬᠢ ᠶᠡᠷᠦᠩᠬᠡᠢ ᠰᠠᠶᠢᠳ
ᠪᠦᠷᠢᠨ ᠡᠷᠬᠡ ᠶᠢᠨ ᠬᠤᠭᠤᠴᠠᠭ᠎ᠠ: 2004 ᠣᠨ ᠤ 8 ᠰᠠᠷ᠎ᠠ ᠶᠢᠨ 20 – 2006 ᠣᠨ ᠤ 1 ᠰᠠᠷ᠎ᠠ ᠶᠢᠨ 13
ᠲᠥᠷᠥ ᠶᠢᠨ ᠲᠡᠷᠢᠭᠦᠨ: ᠨᠠᠴᠤᠭ ᠤᠨ ᠪᠠᠭᠠᠪᠠᠨᠳᠢᠨᠠᠮᠪᠠᠷ ᠤᠨ ᠡᠩᠬᠡᠪᠠᠶᠠᠷ

ᠲᠦᠷᠦᠭᠰᠡᠨ: 1963 ᠣᠨ ᠤ 3 ᠰᠠᠷ᠎ᠠ ᠶᠢᠨ 30
ᠵᠡᠷᠭᠡ ᠰᠤᠮᠤᠬᠣᠪᠳᠣ
ᠤᠯᠤᠰ ᠲᠥᠷᠥ ᠶᠢᠨ ᠨᠠᠮ: ᠠᠷᠠᠳᠴᠢᠯᠠᠭᠰᠠᠨ ᠨᠠᠮ
ᠡᠬᠡᠨᠡᠷ (ᠨᠥᠬᠥᠷ): ᠬᠠᠵᠢᠳᠠᠰᠦ᠋ᠷᠦᠩ ᠦᠨ ᠪᠣᠯᠣᠷᠮ᠎ᠠ

ᠴᠠᠬᠢᠶ ᠠ ᠶᠢᠨ ᠡᠯᠪᠡᠭᠳᠣᠷᠵᠢ ᠨᠢ ᠮᠣᠩᠭᠣᠯ ᠤᠯᠤᠰ ᠳᠤ ᠠᠷᠠᠳᠴᠢᠯᠠᠭᠰᠠᠨ ᠨᠡᠶᠢᠭᠡᠮ ᠪᠤᠢ ᠪᠣᠯᠭᠠᠬᠤ ᠪᠠᠷ ᠠᠩᠬ᠎ᠠ ᠵᠣᠷᠢᠭᠯᠠᠨ ᠰᠠᠨᠠᠭᠠᠴᠢᠯᠠᠵᠤ᠂ 75 ᠵᠢᠯ ᠡᠪ ᠬᠠᠮᠳᠣ ᠵᠠᠰᠠᠭᠯᠠᠯ ᠲᠠᠢ ᠪᠠᠶᠢᠭᠰᠠᠨ ᠮᠣᠩᠭᠣᠯ ᠣᠷᠣᠨ ᠢ ᠲᠠᠶᠢᠪᠤᠩ ᠬᠤᠪᠢᠰᠬᠠᠯ ᠤᠨ ᠵᠠᠮ ᠢᠶᠠᠷ ᠠᠷᠠᠳᠴᠢᠯᠠᠭᠰᠠᠨ᠂ ᠴᠢᠯᠦᠭᠡᠲᠦ ᠡᠳ᠋ ᠍ ᠦᠨ ᠵᠠᠰᠠᠭ ᠲᠠᠢ ᠪᠣᠯᠭᠠᠵᠤ ᠥᠭᠡᠷᠡᠴᠢᠯᠡᠭᠰᠡᠨ ᠠᠷᠠᠳᠴᠢᠯᠠᠭᠰᠠᠨ ᠬᠤᠪᠢᠰᠬᠠᠯ ᠤᠨ 13 ᠤᠳᠤᠷᠢᠳᠤᠭᠴᠢ ᠶᠢᠨ ᠨᠢᠭᠡ ᠴ᠂ᠡᠯᠪᠡᠭᠳᠣᠷᠵᠢ ᠨᠢ ᠮᠣᠩᠭᠣᠯ ᠤᠯᠤᠰ ᠤᠨ ᠶᠡᠷᠦᠩᠬᠡᠶᠢᠯᠡᠭᠴᠢ᠂ ᠡᠮᠦᠨ᠎ᠡ ᠨᠢ ᠲᠡᠷᠡᠪᠡᠷ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠬᠣᠶᠠᠷ ᠤᠳᠠᠭ᠎ᠠ᠂ ᠮᠣᠩᠭᠣᠯ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠪᠠᠷ ᠨᠢᠭᠡ ᠤᠳᠠᠭ᠎ᠠ᠂ ᠤᠯᠤᠰ ᠤᠨ ᠶᠡᠬᠡ ᠬᠤᠷᠠᠯ ᠤᠨ ᠣᠯᠠᠩᠬᠢ ᠶᠢᠨ ᠪᠦᠯᠦᠭ ᠦᠨ ᠳᠠᠷᠤᠭ᠎ᠠ ᠪᠠᠷ ᠨᠢᠭᠡ ᠤᠳᠠᠭ᠎ᠠ᠂ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠳᠥᠷᠪᠡᠨ ᠤᠳᠠᠭ᠎ᠠ ᠲᠤᠰ ᠲᠤᠰ ᠰᠣᠩᠭᠣᠭᠳᠠᠨ ᠠᠵᠢᠯᠯᠠᠭᠰᠠᠨ᠃ ᠴ᠂ ᠡᠯᠪᠡᠭᠳᠣᠷᠵᠢ ᠨᠢ ᠠᠷᠠᠳᠴᠢᠯᠠᠯ ᠤᠨ ᠲᠥᠯᠥᠭᠡ᠂ ᠬᠦᠮᠦᠨ ᠦ ᠡᠷᠬᠡ᠂ ᠡᠷᠬᠡ ᠴᠢᠯᠦᠭᠡ ᠶᠢ ᠳᠡᠭᠡᠳᠦᠯᠡᠳᠡᠭ ᠤᠯᠤᠰ ᠲᠥᠷᠦᠴᠢᠨ᠃

ᠪᠠᠭ᠎ᠠ ᠨᠠᠰᠤ᠂ ᠪᠣᠯᠪᠠᠰᠤᠷᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠴ᠂ ᠡᠯᠪᠡᠭᠳᠣᠷᠵᠢ ᠮᠣᠩᠭᠣᠯ ᠤᠯᠤᠰ ᠤᠨ ᠶᠡᠷᠦᠩᠬᠡᠶᠢᠯᠡᠭᠴᠢ ᠪᠡᠷ ᠬᠣᠶᠠᠳ᠋ᠡᠬᠢ ᠤᠳᠠᠭ᠎ᠠ ᠪᠠᠨ ᠰᠣᠩᠭᠣᠭᠳᠠᠨ ᠲᠠᠩᠭᠠᠷᠢᠭ ᠡᠷᠭᠦᠵᠦ ᠪᠠᠶᠢᠭ᠎ᠠ ᠨᠢ᠃ 2013 ᠣᠨ ᠤ 7 ᠰᠠᠷ᠎ᠠ ᠶᠢᠨ 10

ᠡᠯᠪᠡᠭᠳᠣᠷᠵᠢ ᠨᠢ ᠬᠣᠪᠳᠣ ᠠᠶᠢᠮᠠᠭ ᠤᠨ ᠵᠡᠷᠭᠡ ᠰᠤᠮᠤᠨ ᠳᠤ ᠴᠠᠬᠢᠶ ᠠ᠂ ᠬᠣᠨᠢᠨᠬᠦᠦ ᠨᠠᠷ ᠤᠨ ᠭᠡᠷ ᠲᠦ 1963 ᠣᠨ ᠤ 3 ᠳ᠋ᠤᠭᠠᠷ ᠰᠠᠷ᠎ᠠ ᠶᠢᠨ 30 ᠍ ᠳᠦ ᠲᠡᠳᠡᠨ ᠦ ᠨᠠᠶᠮᠠᠳᠤᠭᠠᠷ ᠣᠳᠬᠣᠨ ᠬᠦᠦ ᠪᠣᠯᠤᠨ ᠮᠡᠨᠳᠦᠯᠡᠵᠡᠢ᠃ ᠡᠯᠪᠡᠭᠳᠣᠷᠵᠢ ᠶᠢᠨ ᠡᠴᠢᠭᠡ᠂ ᠡᠬᠡ ᠲᠡᠷᠡ ᠦᠶ᠎ᠡ ᠶᠢᠨ ᠮᠣᠩᠭᠣᠯ ᠤᠨ ᠬᠦᠮᠦᠨ ᠠᠮᠠ ᠶᠢᠨ ᠶᠡᠬᠡᠩᠬᠢ ᠶᠢᠨ ᠨᠢᠭᠡᠨ ᠠᠳᠠᠯᠢ ᠮᠠᠯᠴᠢᠨ ᠠᠷᠠᠳ ᠪᠠᠶᠢᠭᠰᠠᠨ ᠲᠤᠯᠠ ᠡᠯᠪᠡᠭᠳᠣᠷᠵᠢ ᠪᠠᠭ᠎ᠠ ᠳᠤ ᠪᠠᠨ ᠢᠰᠢᠭᠡ᠂ ᠬᠤᠷᠠᠭ᠎ᠠ᠂ ᠲᠤᠭᠤᠯ᠂ ᠤᠨᠠᠭ᠎ᠠ ᠲᠠᠢ ᠲᠣᠭᠯᠠᠵᠤ᠂ ᠲᠡᠳᠡᠨ ᠢ ᠠᠷᠠᠴᠢᠯᠠᠵᠤ ᠲᠣᠳᠠᠮᠳᠠᠬᠤ ᠶᠢᠨ ᠵᠡᠷᠭᠡᠴᠡᠭᠡ ᠪᠤᠰᠤᠳ ᠬᠡᠦᠬᠡᠳ ᠦᠳ ᠲᠡᠢ ᠮᠣᠷᠢ ᠪᠠᠷ ᠤᠷᠤᠯᠳᠤᠵᠤ ᠲᠣᠭᠯᠠᠵᠤ ᠥᠰᠴᠠᠢ᠃ ᠵᠡᠷᠭᠡ ᠰᠤᠮᠤ ᠶᠢᠨ ᠬᠢᠨ ᠤ ᠳᠤᠷᠠᠰᠤᠨ ᠶᠠᠷᠢᠳᠠᠭ ᠢᠶᠠᠷ ᠡᠯᠪᠡᠭᠳᠣᠷᠵᠢ ᠶᠢᠨ ᠡᠵᠢ ᠬᠣᠨᠢᠨᠬᠦᠦ ᠨᠢ ᠲᠤᠤᠯᠢᠰ ᠬᠠᠶᠢᠯᠠᠳᠠᠭ᠂ ᠢᠷᠦᠭᠡᠯ ᠮᠠᠭᠲᠠᠭᠠᠯ ᠰᠠᠶᠢᠬᠠᠨ ᠬᠡᠯᠡᠳᠡᠭ ᠢᠶᠡᠷ ᠢᠶᠡᠨ ᠨᠤᠲᠤᠭ ᠤᠰᠤᠨ ᠳᠤ ᠪᠠᠨ ᠨᠡᠷ᠎ᠡ ᠬᠦᠨᠳᠦᠲᠡᠢ ᠲᠤᠯᠠ ᠵᠡᠷᠭᠡ ᠰᠤᠮᠤ ᠪᠣᠯᠤᠨ ᠣᠶᠢᠷ᠎ᠠ ᠰᠤᠮᠤ ᠶᠢᠨ ᠬᠢᠨ ᠴᠡᠷᠢᠭ ᠲᠦ ᠶᠠᠪᠤᠬᠤ᠂ ᠬᠣᠯᠠ ᠭᠠᠵᠠᠷ ᠣᠳᠬᠤ ᠶᠢᠨ ᠡᠮᠦᠨ᠎ᠡ ᠴᠠᠬᠢᠶ ᠠ ᠶᠢᠨ ᠭᠡᠷ ᠲᠦ ᠪᠠᠭᠤᠵᠤ᠂ ᠬᠣᠨᠢᠨᠬᠦᠦ ᠶᠢᠨ ᠮᠡᠷᠭᠡᠨ ᠰᠡᠴᠡᠨ ᠰᠤᠷᠭᠠᠯ ᠢ ᠰᠣᠨᠣᠰᠤᠭᠠᠳ ᠮᠣᠷᠳᠠᠬᠤ ᠳᠤᠷᠠᠲᠠᠢ ᠪᠠᠶᠢᠪᠠ᠃

ᠡᠯᠪᠡᠭᠳᠣᠷᠵᠢ ᠬᠣᠪᠳᠣ ᠠᠶᠢᠮᠠᠭ ᠤᠨ ᠵᠡᠷᠭᠡ ᠰᠤᠮᠤ ᠳ᠋ᠦ ᠪᠠᠭ᠎ᠠ᠂ ᠳᠤᠮᠳᠠ ᠰᠤᠷᠭᠠᠭᠤᠯᠢ ᠪᠠᠨ ᠣᠨᠴᠠ ᠳ᠋ᠦᠩ ᠲᠡᠢ ᠲᠡᠭᠦᠰᠴᠡᠢ᠃ ᠲᠡᠭᠦᠨ ᠢ 16 ᠨᠠᠰᠤᠲᠠᠢ ᠪᠠᠶᠢᠬᠤ ᠳᠤ ᠭᠡᠷ ᠨᠢ ᠡᠷᠳᠡᠨᠢᠲᠦ ᠬᠣᠲᠠ ᠤᠷᠤᠭᠤ ᠨᠡᠭᠦᠵᠦ᠂ ᠲᠡᠷᠡᠪᠡᠷ ᠡᠷᠳᠡᠨᠢᠲᠦ ᠬᠣᠳᠠ ᠳᠤ 10 ᠍ ᠳᠦᠭᠠᠷ ᠠᠩᠭᠢ ᠪᠠᠨ ᠣᠨᠴᠠ ᠳ᠋ᠦᠩ ᠲᠡᠢ ᠪᠡᠷ 1981 ᠣᠨ ᠳᠤ ᠲᠡᠭᠦᠰᠦᠭᠰᠡᠨ ᠪᠠᠶᠢᠨ᠎ᠠ᠃ ᠰᠣᠴᠢᠶᠠᠯᠢᠮ ᠍  ᠤᠨ ᠦᠶ᠎ᠡ ᠳᠦ ᠶᠡᠬᠡ᠂ ᠳᠡᠭᠡᠳᠦ ᠰᠤᠷᠭᠠᠭᠤᠯᠢ ᠶᠢᠨ ᠡᠯᠰᠡᠯᠲᠡ ᠶᠢᠨ ᠬᠤᠪᠢᠶᠠᠷᠢ ᠶᠢ ᠲᠥᠯᠦᠪᠯᠡᠭᠡᠨ ᠦ ᠺᠣᠮᠢᠰ ᠠᠴᠠ ᠮᠡᠷᠭᠡᠵᠢᠯ ᠲᠤᠰ ᠪᠦᠷᠢ ᠪᠡᠷ ᠠᠶᠢᠮᠠᠭ᠂ ᠬᠣᠳᠠ ᠳᠤ ᠬᠤᠪᠢᠶᠠᠷᠢᠯᠠᠳᠠᠭ ᠪᠠᠶᠢᠯ᠎ᠠ᠃

ᠡᠯᠪᠡᠭᠳᠣᠷᠵᠢ ᠶᠢᠨ ᠬᠦᠰᠡᠨ ᠮᠥᠷᠦᠭᠡᠳᠦᠭᠰᠡᠨ ᠰᠡᠳᠬᠦᠯ ᠵᠦᠢ   ᠶᠢᠨ ᠠᠩᠬᠢ ᠶᠢᠨ ᠺᠣᠨᠺᠦ᠋ᠷᠰ ᠤᠨ ᠬᠤᠪᠢᠶᠠᠷᠢ ᠲᠡᠷᠡ ᠵᠢᠯ ᠲᠥᠪ ᠡᠴᠡ ᠡᠷᠳᠡᠨᠢᠲᠦ ᠬᠣᠳᠠ ᠳᠤ ᠢᠷᠡᠭᠰᠡᠨ ᠦᠭᠡᠢ᠃ ᠰᠡᠳᠬᠦᠯᠴᠢ ᠪᠣᠯᠬᠣ ᠪᠠᠷ ᠰᠡᠳᠬᠢᠯ ᠰᠢᠯᠤᠭᠤᠳᠠᠭᠰᠠᠨ ᠡᠯᠪᠡᠭᠳᠣᠷᠵᠢ ᠢᠷᠡᠬᠦ ᠵᠢᠯ ᠦᠨ ᠺᠣᠨᠺᠦ᠋ᠷᠰ ᠢ ᠬᠦᠯᠢᠶᠡᠬᠦ ᠪᠡᠷ ᠰᠢᠢᠳᠪᠡ᠃ ᠡᠨᠡ ᠬᠤᠭᠤᠴᠠᠭᠠᠨ ᠳᠤ ᠲᠡᠷᠡᠪᠡᠷ ᠠᠪᠤ᠂ ᠡᠵᠢ ᠳᠦ ᠪᠡᠨ ᠲᠤᠰᠯᠠᠬᠤ ᠪᠠᠷ ᠤᠤᠯ ᠤᠨ ᠪᠠᠶᠠᠵᠢᠭᠤᠯᠬᠤ ︽ᠡᠷᠳᠡᠨᠢᠲᠦ︾ ᠦᠢᠯᠡᠳᠪᠦᠷᠢ ᠳᠦ ᠲᠦᠷ ᠠᠵᠢᠯᠯᠠᠭᠠᠳ ᠤᠳᠠᠯ ᠦᠭᠡᠢ ᠵᠠᠰᠠᠪᠤᠷᠢᠴᠢᠨ ᠪᠣᠯᠵᠤ᠂ ᠲᠤᠩ ᠤᠳᠠᠯ ᠦᠭᠡᠢ ᠲᠤᠰᠢᠶᠠᠯ ᠳᠡᠪᠰᠢᠨ ᠮᠠᠰᠢᠨᠢᠰᠲ ᠪᠣᠯᠵᠤ ᠠᠵᠢᠯᠯᠠᠵᠠᠢ᠃ ᠠᠵᠢᠯᠯᠠᠬᠤ ᠬᠤᠭᠤᠴᠠᠭᠠᠨ ᠳᠤ ᠪᠠᠨ ᠴᠡᠷᠢᠭ ᠲᠦ ᠲᠠᠲᠠᠭᠳᠠᠵᠤ ᠨᠢᠭᠡ ᠵᠢᠯ ᠴᠡᠷᠢᠭ ᠦᠨ ᠠᠯᠪᠠ ᠬᠠᠭᠠᠪᠠ᠃ ᠴᠡᠷᠢᠭ ᠦᠨ ᠠᠯᠪᠠ ᠶᠢ ᠦᠯᠢᠭᠡᠷ ᠵᠢᠱᠢᠶ᠎ᠡ ᠬᠠᠭᠠᠵᠤ᠂ ︽ᠤᠯᠠᠭᠠᠨ ᠣᠳᠣ︾ ᠰᠣᠨᠢᠨ ᠳᠤ ᠰᠢᠯᠦᠭ ᠦᠳ ᠨᠢ ᠬᠡᠪᠯᠡᠭᠳᠡᠭᠰᠡᠨ ᠢ ᠪᠠᠲᠤᠯᠠᠨ ᠬᠠᠮᠠᠭᠠᠯᠠᠬᠤ ᠶᠠᠮᠤᠨ ᠤ ᠥᠨᠳᠥᠷ ᠠᠯᠪᠠᠨ ᠲᠤᠰᠢᠶᠠᠯ ᠤᠨ ᠬᠦᠮᠦᠰ ᠦᠵᠡᠭᠡᠳ ᠡᠯᠪᠡᠭᠳᠣᠷᠵᠢ ᠶᠢ ᠲᠤᠰ ᠶᠠᠮᠤᠨ ᠳᠡᠭᠡᠷ᠎ᠡ ᠳᠠᠭᠤᠳᠠᠵᠤ᠂ ᠲᠡᠭᠦᠨ ᠡᠴᠡ ᠰᠢᠯᠭᠠᠯᠲᠠ ᠠᠪᠴᠠᠢ᠃ ᠰᠢᠯᠭᠠᠯᠲᠠ ᠶᠢᠨ ᠦᠷ᠎ᠡ ᠳ᠋ᠦᠩ ᠳᠦ ᠡᠯᠪᠡᠭᠳᠣᠷᠵᠢ ᠪᠠᠲᠤᠯᠠᠨ ᠬᠠᠮᠠᠭᠠᠯᠠᠬᠤ ᠶᠠᠮ‍ᠤᠨ ᠳᠤ ᠢᠷᠡᠭᠰᠡᠨ ᠵᠥᠪᠯᠡᠯᠲᠦ ᠬᠣᠯᠪᠣᠭᠠᠲᠤ ᠤᠯᠤᠰ ᠍ ᠤᠨ ᠴᠡᠷᠢᠭ᠂ ᠤᠯᠤᠰ ᠲᠥᠷᠥ ᠶᠢᠨ ᠳᠡᠭᠡᠳᠦ ᠰᠤᠷᠭᠠᠭᠤᠯᠢ ᠶᠢᠨ ᠬᠣᠶᠠᠷ ᠬᠤᠪᠢᠶᠠᠷᠢ ᠶᠢᠨ ᠨᠢᠭᠡ ᠶᠢ ᠠᠪᠤᠭᠰᠠᠨ ᠪᠠᠶᠢᠨ᠎ᠠ᠃

ᠬᠠᠭᠤᠴᠢᠨ ᠢᠶᠠᠷ ᠵᠥᠪᠯᠡᠯᠲᠦ ᠬᠣᠯᠪᠣᠭᠠᠲᠤ ᠤᠯᠤᠰ ᠍ ᠤᠨ ᠯᠢᠪᠠᠪ ᠬᠣᠲᠠ ᠳ᠋ᠠᠬᠢ ᠴᠡᠷᠢᠭ᠂ ᠤᠯᠤᠰ ᠲᠥᠷᠥ ᠶᠢᠨ ᠶᠡᠬᠡ ᠰᠤᠷᠭᠠᠭᠤᠯᠢ ᠶᠢ ᠡᠯᠪᠡᠭᠳᠣᠷᠵᠢ ᠰᠡᠳᠬᠦᠯᠴᠢ ᠮᠡᠷᠭᠡᠵᠢᠯ ᠲᠡᠢ᠂ ᠣᠨᠴᠠ ᠳ᠋ᠦᠩ ᠲᠡᠢ ᠪᠡᠷ 1988 ᠣᠨ ᠳᠤ ᠲᠡᠭᠦᠰᠴᠡᠢ᠃ ᠮᠥᠨ ᠲᠡᠷᠡᠪᠡᠷ ᠠᠮᠧᠷᠢᠺᠠ ᠶᠢᠨ ᠨᠢᠭᠡᠳᠦᠭᠰᠡᠨ ᠤᠯᠤᠰ (ᠠᠮᠧᠷᠢᠺᠠ ᠶᠢᠨ ᠨᠢᠭᠡᠳᠦᠭᠰᠡᠨ ᠤᠯᠤᠰ) ᠍ ᠤᠨ ᠪᠦᠢᠯᠢᠳᠧᠷ ᠬᠣᠲᠠ ᠳ᠋ᠠᠬᠢ ᠺᠣᠯᠣᠷᠣᠳᠠ  ᠶᠡᠬᠡ ᠰᠤᠷᠭᠠᠭᠤᠯᠢ ᠍ ᠵᠢᠨ ᠡᠳ᠋ ᠍ ᠦᠨ ᠵᠠᠰᠠᠭ ᠤᠨ ᠢᠨᠰᠲ᠋ᠢᠲ᠋ᠦᠶᠢᠲ (institute )  ᠡᠴᠡ ᠲᠡᠭᠦᠰᠦᠭᠰᠡᠨ ᠪᠠᠶᠢᠨ᠎ᠠ᠃ ᠳᠠᠷᠠᠭ᠎ᠠ ᠨᠢ ᠡᠯᠪᠡᠭᠳᠣᠷᠵᠢ ᠠᠮᠧᠷᠢᠺᠠ ᠶᠢᠨ ᠨᠢᠭᠡᠳᠦᠭᠰᠡᠨ ᠤᠯᠤᠰ ᠤᠨ ᠬᠠᠷᠧᠠᠷᠳ᠋  ᠶᠡᠬᠡ ᠰᠤᠷᠭᠠᠭᠤᠯᠢ  (Harvard University)   ᠳ᠋ᠦ ᠲᠤᠰ ᠰᠤᠷᠭᠠᠭᠤᠯᠢ ᠶᠢᠨ ᠪᠦᠷᠢᠨ ᠲᠡᠳᠬᠦᠯᠭᠡ ᠲᠡᠢ ᠪᠡᠷ ᠰᠤᠷᠤᠯᠴᠠᠵᠤ᠂ ᠬᠠᠷᠧᠠᠷᠳ᠋  ᠶᠡᠬᠡ ᠰᠤᠷᠭᠠᠭᠤᠯᠢ ᠵᠢᠨ ᠵᠣᠩ ᠺᠧᠨᠨᠡᠳ᠋ ᠍ ᠤᠨ ᠲᠥᠷᠥ ᠵᠠᠰᠠᠭ ᠤᠨ ᠳᠡᠭᠡᠳᠦ ᠰᠤᠷᠭᠠᠭᠤᠯᠢ ᠶᠢ ᠲᠥᠷᠥ ᠶᠢᠨ ᠤᠳᠤᠷᠢᠳᠤᠯᠭ᠎ᠠ ᠶᠢᠨ ᠮᠠᠰᠲ᠋ᠷ ᠵᠡᠷᠭᠡ ᠲᠡᠢ ᠪᠡᠷ 2002 ᠣᠨ ᠳᠤ ᠲᠡᠭᠦᠰᠴᠡᠢ[1]

ᠠᠷᠠᠳᠴᠢᠯᠠᠭᠰᠠᠨ ᠬᠥᠳᠡᠯᠭᠡᠭᠡᠨ[ᠵᠠᠰᠠᠪᠤᠷᠢᠯᠠᠬᠤ | ᠺᠣᠳ᠋ ᠢᠶᠠᠷ ᠵᠠᠰᠠᠬᠣ]

ᠴᠠᠬᠢᠶ ᠠ ᠶᠢᠨ ᠡᠯᠪᠡᠭᠳᠣᠷᠵᠢ ᠨᠢ ᠠᠩᠬᠠᠨ ᠤ ᠠᠷᠠᠳᠴᠢᠯᠠᠭᠰᠠᠨ ᠬᠥᠳᠡᠯᠭᠡᠭᠡᠨ ᠤ ᠫᠠᠷᠲ᠋ᠢᠽᠠᠨ ᠨᠤᠭᠤᠳ ᠤᠨ ᠨᠢᠭᠡ ᠪᠣᠯᠵᠤ ᠠᠮᠢ ᠪᠡᠶ᠎ᠡ ᠪᠡᠨ ᠬᠠᠶᠢᠷᠠᠯᠠᠯ ᠦᠭᠡᠢ᠂ ᠬᠦᠮᠦᠰ ᠢ ᠵᠣᠬᠢᠶᠠᠨ ᠪᠠᠶᠢᠭᠤᠯᠵᠤ᠂ ᠵᠢᠭ᠌ᠰᠠᠭᠠᠯ ᠴᠤᠭᠯᠠᠭᠠᠨ ᠬᠢᠵᠦ᠂ ᠮᠣᠩᠭᠣᠯ ᠤᠨ ᠲᠥᠷᠥ ᠵᠠᠰᠠᠭ ᠤᠨ ᠡᠪ ᠬᠠᠮᠳᠣ ᠳᠢᠭᠯᠢᠮ ᠢ ᠴᠢᠰᠤ ᠤᠷᠤᠰᠬᠠᠯ ᠦᠭᠡᠢ ᠪᠡᠷ 1989 ᠣᠨ ᠳᠤ ᠲᠡᠭᠦᠰᠬᠡᠯ ᠪᠣᠯᠭᠠᠬᠤ ᠳᠤ ᠴᠢᠬᠤᠯᠠ ᠡᠭᠦᠷᠭᠡ ᠭᠦᠢᠴᠡᠳᠭᠡᠭᠰᠡᠨ ᠶᠤᠮ᠃ ᠺᠣᠮᠮᠤᠨᠢᠰ ᠲᠤ ᠲᠥᠷᠥ ᠵᠠᠰᠠᠭ ᠤᠨ ᠡᠰᠡᠷᠬᠦ ᠡᠯᠪᠡᠭᠳᠣᠷᠵᠢ ᠶᠢᠨ ᠭᠣᠣᠯ ᠰᠢᠭᠦᠮᠵᠢᠯᠡᠯ ᠨᠢ ᠠᠷᠠᠳᠴᠢᠯᠠᠭᠰᠠᠨ ᠨᠡᠶᠢᠭᠡᠮ᠂ ᠦᠭᠡ ᠬᠡᠯᠡᠬᠦ ᠡᠷᠬᠡ ᠴᠢᠯᠦᠭᠡ᠂ ᠴᠢᠯᠦᠭᠡᠲᠦ ᠵᠠᠬ᠎ᠠ ᠵᠡᠭᠡᠯᠢ ᠶᠢᠨ ᠡᠳ᠋ ᠍ ᠦᠨ ᠵᠠᠰᠠᠭ ᠮᠣᠩᠭᠣᠯ ᠣᠷᠣᠨ ᠳᠤ ᠬᠡᠷᠡᠭᠲᠡᠢ ᠭᠡᠰᠡᠨ ᠪᠥᠭᠡᠳ ᠮᠣᠩᠭᠣᠯ ᠤᠨ ᠺᠣᠮᠮᠤᠨᠢᠰ ᠲᠤ ᠲᠥᠷᠥ ᠵᠠᠰᠠᠭ ᠡᠳᠡᠭᠡᠷ ᠢ ᠳᠡᠮᠵᠢᠳᠡᠭ ᠦᠭᠡᠢ ᠪᠠᠶᠢᠪᠠ᠃ ᠡᠯᠪᠡᠭᠳᠣᠷᠵᠢ ᠪᠣᠯᠤᠨ ᠮᠣᠩᠭᠣᠯ ᠤᠨ ᠺᠣᠮᠮᠤᠶᠢᠨᠢᠰᠮ ᠍ ᠤᠨ ᠡᠰᠡᠷᠬᠦ ᠬᠤᠪᠢᠰᠬᠠᠯ ᠤᠨ ᠤᠳᠤᠷᠢᠳᠤᠭᠴᠢᠳ᠂ ᠳᠡᠮᠵᠢᠭᠴᠢᠳ ᠦᠨ ᠠᠴᠢ ᠪᠠᠷ ᠮᠣᠩᠭᠣᠯ ᠤᠯᠤᠰ ᠲᠥᠪ ᠠᠽᠢᠶ᠎ᠠ ᠳᠠᠬᠢ ᠠᠩᠬᠠᠨ ᠤ ᠠᠷᠠᠳᠴᠢᠯᠠᠭᠰᠠᠨ ᠣᠷᠣᠨ ᠪᠣᠯᠤᠭᠰᠠᠨ ᠶᠤᠮ᠃ ᠣᠯᠠᠨ ᠤᠯᠤᠰ ᠤᠨ ᠤᠬᠠᠭᠠᠨᠲᠠᠨ ᠨᠤᠭᠤᠳ ᠪᠣᠯᠤᠨ ᠣᠯᠠᠨ ᠤᠯᠤᠰ ᠤᠨ ᠬᠡᠪᠯᠡᠯ ᠮᠡᠳᠡᠭᠡᠯᠡᠯ ᠦᠨ ᠬᠡᠷᠡᠭᠰᠡᠯ ᠡᠯᠪᠡᠭᠳᠣᠷᠵᠢ ᠶᠢ "ᠮᠣᠩᠭᠣᠯ ᠤᠨ ᠲᠣᠮᠠᠰ ᠵᠧᠹᠹᠧᠷᠠᠭᠰᠠᠨ" ᠭᠡᠵᠦ ᠠᠮᠧᠷᠢᠺᠠ ᠶᠢᠨ ᠨᠢᠭᠡᠳᠦᠭᠰᠡᠨ ᠤᠯᠤᠰ ᠤᠨ ᠲᠤᠰᠠᠭᠠᠷ ᠲᠣᠭᠲᠠᠨᠢᠯ ᠢ ᠲᠤᠩᠬᠠᠭᠯᠠᠭᠴᠢᠳ ᠤᠨ ᠨᠢᠭᠡ᠂ ᠠᠷᠠᠳᠴᠢᠯᠠᠯ ᠢ ᠦᠨᠳᠦᠰᠦᠯᠡᠭᠴᠢ ᠡᠴᠢᠭᠡ ᠲᠡᠢ ᠵᠦᠢᠷᠯᠡᠨ ᠨᠡᠷᠡᠯᠡᠳᠡᠭ᠃[2]

ᠴ᠂ ᠡᠯᠪᠡᠭᠳᠣᠷᠵᠢ ᠠᠷᠠᠳᠴᠢᠯᠠᠭᠰᠠᠨ ᠣᠷᠣᠨ ᠨᠤᠭᠤᠳ ᠤᠨ ᠨᠡᠶᠢᠭᠡᠮᠯᠢᠭ ᠦᠨ 7 ᠍ ᠳᠦᠭᠡᠷ ᠰᠠᠶᠢᠳ ᠨᠠᠷ ᠤᠨ ᠬᠤᠷᠠᠯ ᠳᠤ ᠦᠭᠡ ᠬᠡᠯᠡᠪᠡ᠃ ᠲᠥᠷᠥ ᠶᠢᠨ ᠣᠷᠳᠣᠨ᠃ ᠤᠯᠠᠭᠠᠨᠪᠠᠭᠠᠲᠤᠷ ᠬᠣᠲᠠ᠃ 2013 ᠣᠨ ᠤ 4 ᠰᠠᠷ᠎ᠠ ᠶᠢᠨ 29

ᠮᠣᠩᠭᠣᠯ ᠤᠨ ᠵᠠᠯᠠᠭᠤᠴᠤᠳ ᠤᠨ ᠡᠪᠯᠡᠯ ᠦᠨ ᠶᠡᠬᠡ ᠬᠤᠷᠠᠯ ᠤᠨ ᠶᠡᠨᠳᠡᠷ ᠳᠡᠭᠡᠷ᠎ᠡ ᠬᠡᠯᠡᠭᠰᠡᠨ ᠦᠭᠡᠨ ᠦ ᠪᠡᠨ ᠲᠡᠭᠦᠰᠬᠡᠯ ᠳᠦ ᠠᠩᠬ᠎ᠠ ᠤᠳᠠᠭ᠎ᠠ ᠮᠣᠩᠭᠣᠯ ᠳᠤ ᠠᠷᠠᠳᠴᠢᠯᠠᠯ ᠬᠡᠷᠡᠭᠲᠡᠢ ᠪᠠᠶᠢᠭ᠎ᠠ ᠲᠤᠬᠠᠢ ᠶᠠᠷᠢᠵᠤ᠂ ᠲᠡᠭᠦᠨ ᠢ ᠪᠤᠢ ᠪᠣᠯᠭᠠᠬᠤ ᠳᠤ ᠵᠠᠯᠠᠭᠤᠰ ᠢ ᠤᠷᠢᠶᠠᠯᠠᠨ ᠳᠠᠭᠤᠳᠠᠵᠤ᠂ ᠬᠠᠮᠲᠤᠷᠠᠵᠤ ᠠᠵᠢᠯᠯᠠᠬᠤ ᠰᠠᠨᠠᠯ ᠲᠠᠯᠪᠢᠭᠰᠠᠨ᠃ ᠬᠤᠷᠠᠯ ᠤᠨ ᠳᠠᠷᠤᠭ᠎ᠠ ᠡᠯᠪᠡᠭᠳᠣᠷᠵᠢ ᠶᠢᠨ ᠶᠠᠷᠢᠭ᠎ᠠ ᠶᠢ ᠲᠠᠰᠤᠯᠵᠤ᠂ ᠡᠶᠢᠮᠦ ᠵᠦᠢᠯ ᠶᠠᠷᠢᠵᠤ ᠪᠣᠯᠬᠤ ᠦᠭᠡᠢ ᠶᠢ ᠰᠠᠨᠠᠭᠤᠯᠵᠤ ᠪᠠᠶᠢᠵᠠᠢ᠃ ᠡᠨᠡ ᠪᠣᠯ 1989 ᠣᠨ ᠪᠤᠶᠤ ᠮᠣᠩᠭᠣᠯ ᠤᠯᠤᠰ ᠺᠣᠮᠮᠤᠨᠢᠰᠲᠤ ᠣᠷᠣᠨ ᠪᠣᠯᠤᠭᠠᠳ 68 ᠵᠢᠯ ᠢ ᠲᠤᠭᠤᠯᠤᠭᠠᠳ ᠪᠠᠶᠢᠭᠰᠠᠨ ᠪᠥᠭᠡᠳ ᠲᠡᠷᠡ ᠦᠶ᠎ᠡ ᠳᠦ ᠬᠣᠶᠠᠷ ᠬᠦᠮᠦᠨ ᠦ ᠨᠢᠭᠡ ᠨᠢ ᠡᠪ ᠬᠠᠮᠳᠣ ᠮᠣᠩᠭᠣᠯ ᠠᠷᠠᠳ ᠤᠨ ᠬᠤᠪᠢᠰᠬᠠᠯᠲᠤ ᠨᠠᠮ (ᠮᠣᠩᠭᠣᠯ ᠠᠷᠠᠳ ᠤᠨ ᠬᠤᠪᠢᠰᠬᠠᠯᠲᠤ ᠨᠠᠮ) ᠍ ᠶᠢᠨ ᠠᠯᠪᠠᠨ ᠪᠤᠰᠤ ᠲᠠᠩᠨᠠᠭᠤᠯ ᠪᠠᠶᠢᠪᠠ᠃ ᠲᠡᠳᠡᠨ ᠦ ᠮᠠᠲᠠᠭᠠᠰᠤ ᠪᠠᠷ ᠮᠣᠩᠭᠣᠯ ᠠᠷᠠᠳ ᠤᠨ ᠬᠤᠪᠢᠰᠬᠠᠯ᠂ ᠤᠯᠤᠰ ᠲᠥᠷᠥ ᠶᠢᠨ ᠲᠣᠪᠴᠢᠶ᠎ᠠ ᠺᠣᠮᠮᠤᠶᠢᠨᠢᠰᠮᠰᠣᠴᠢᠶᠠᠯᠢᠮ ᠠᠴᠠ ᠥᠭᠡᠷ᠎ᠡ ᠦᠵᠡᠯ ᠪᠣᠳᠣᠯ ᠢᠯᠡᠷᠬᠡᠶᠢᠯᠡᠭᠰᠡᠨ ᠬᠦᠮᠦᠰ ᠢ ᠰᠢᠢᠳᠬᠡᠳᠡᠭ᠂ ᠴᠥᠯᠡᠳᠡᠭ ᠪᠠᠶᠢᠯ᠎ᠠ᠃ ᠲᠤᠰ ᠬᠤᠷᠠᠯ ᠤᠨ ᠵᠠᠪᠰᠠᠷᠯᠠᠭ᠎ᠠ ᠪᠠᠷ ᠬᠣᠶᠠᠷ ᠵᠠᠯᠠᠭᠤ ᠡᠯᠪᠡᠭᠳᠣᠷᠵᠢ ᠲᠠᠢ ᠠᠭᠤᠯᠵᠠᠭᠰᠠᠨ ᠪᠥᠭᠡᠳ ᠲᠡᠷᠡ ᠭᠤᠷᠪᠠ ᠠᠷᠠᠳᠴᠢᠯᠠᠭᠰᠠᠨ ᠬᠥᠳᠡᠯᠭᠡᠭᠡᠨ ᠪᠠᠶᠢᠭᠤᠯᠬᠤ ᠪᠠᠷ ᠲᠣᠬᠢᠷᠠᠯᠴᠠᠵᠤ᠂ ᠡᠨᠡ ᠲᠤᠬᠠᠢ ᠨᠢᠭᠤᠴᠠ ᠪᠠᠷ ᠵᠠᠯᠠᠭᠤᠴᠤᠳ ᠲᠤ ᠵᠠᠷ ᠲᠠᠷᠠᠭᠠᠬᠤ ᠪᠠᠷ ᠪᠣᠯᠵᠠᠢ᠃ ᠲᠡᠷᠡ ᠭᠤᠷᠪᠠ ᠪᠤᠰᠤᠳ ᠠᠷᠪᠠᠨ ᠵᠠᠯᠠᠭᠤᠰ ᠤᠨ ᠬᠠᠮᠲᠤ ᠬᠣᠵᠢᠮ ᠢᠶᠠᠨ ᠮᠣᠩᠭᠣᠯ ᠤᠨ ᠠᠷᠠᠳᠴᠢᠯᠠᠭᠰᠠᠨ ᠬᠤᠪᠢᠰᠬᠠᠯ ᠍ ᠤᠨ ᠠᠷᠪᠠᠨ ᠭᠤᠷᠪᠠᠨ ᠤᠳᠤᠷᠢᠳᠤᠭᠴᠢ ᠭᠡᠵᠦ ᠨᠡᠷᠡᠯᠡᠭᠳᠡᠬᠦ ᠪᠣᠯᠤᠭᠰᠠᠨ ᠶᠤᠮ᠃

ᠲᠡᠷᠡ ᠦᠶ᠎ᠡ ᠳᠦ ᠡᠯᠪᠡᠭᠳᠣᠷᠵᠢ "ᠤᠯᠠᠭᠠᠨ ᠣᠳᠣ" ᠰᠣᠨᠢᠨ ᠤ ᠰᠤᠷᠪᠤᠯᠵᠢᠯᠠᠭᠴᠢ ᠢᠶᠠᠷ ᠠᠵᠢᠯᠯᠠᠵᠤ ᠪᠠᠶᠢᠭᠰᠠᠨ ᠪᠥᠭᠡᠳ ᠵᠠᠯᠠᠭᠤᠴᠤᠳ ᠤᠨ ᠡᠪᠯᠡᠯ ᠤᠨ ᠶᠡᠬᠡ ᠬᠤᠷᠠᠯ ᠳᠤ ᠣᠷᠣᠯᠴᠠᠭᠰᠠᠨ ᠤ ᠳᠠᠷᠠᠭ᠎ᠠ ᠠᠵᠢᠯ ᠳᠤ ᠪᠠᠨ ᠢᠷᠡᠬᠦ ᠦᠶ᠎ᠡ ᠳᠦ ᠨᠢ ᠡᠯᠪᠡᠭᠳᠣᠷᠵᠢ ᠶᠢᠨ "ᠪᠤᠷᠤᠭᠤ ᠦᠢᠯᠡᠳᠦᠯ" ᠍ ᠦᠨ ᠲᠤᠬᠠᠢ ᠬᠤᠷᠠᠯ ᠤᠨ ᠳᠠᠷᠤᠭ᠎ᠠ ᠶᠢᠨ ᠦᠭᠡ ᠠᠯᠢ ᠬᠡᠳᠦᠶᠢᠨ᠎ᠡ ᠰᠣᠨᠢᠨ ᠳᠤ ᠨᠢ ᠬᠦᠷᠦᠭᠰᠡᠨ ᠪᠠᠶᠢᠪᠠ᠃ ᠲᠤᠰ ᠰᠣᠨᠢᠨ ᠤ ᠡᠷᠬᠢᠯᠡᠭᠴᠢ ᠡᠯᠪᠡᠭᠳᠣᠷᠵᠢ ᠶᠢ ᠠᠵᠢᠯ ᠤᠨᠨ ᠭᠠᠳᠠᠭᠤᠷ ᠶᠠᠮᠠᠷ ᠨᠢᠭᠡ ᠦᠢᠯᠡ ᠠᠵᠢᠯᠯᠠᠭᠠᠨ ᠳᠤ ᠣᠷᠣᠯᠴᠠᠵᠤ᠂ ᠡᠪ ᠬᠠᠮᠳᠣ ᠰᠣᠴᠢᠶᠠᠯᠢᠰᠲᠤ ᠴᠢᠭ ᠱᠤᠭᠤᠮ ᠠᠴᠠ ᠭᠠᠵᠢᠭ᠌ᠰᠠᠨ ᠵᠦᠢᠯ ᠬᠢᠪᠡᠯ ᠠᠵᠢᠯ ᠠᠴᠠ ᠨᠢ ᠬᠠᠯᠠᠨ᠎ᠠ ᠭᠡᠵᠦ ᠰᠠᠨᠠᠭᠤᠯᠵᠠᠢ᠃

ᠲᠤᠬᠠᠢ ᠶᠢᠨ ᠦᠶ᠎ᠡ ᠳᠦ ᠮᠣᠩᠭᠣᠯ ᠳᠠᠬᠢ ᠴᠣᠷ ᠤᠨ ᠭᠠᠭᠴᠠ ᠵᠠᠯᠠᠭᠤᠴᠤᠳ ᠤᠨ ᠪᠠᠶᠢᠭᠤᠯᠤᠯᠭ᠎ᠠ ᠪᠠᠶᠢᠭᠰᠠᠨ ᠮᠣᠩᠭᠣᠯ ᠤᠨ ᠵᠠᠯᠠᠭᠤᠴᠤᠳ ᠤᠨ ᠡᠪᠯᠡᠯ ᠨᠢ ᠮᠣᠩᠭᠣᠯ ᠠᠷᠠᠳ ᠤᠨ ᠬᠤᠪᠢᠰᠬᠠᠯᠲᠤ ᠨᠠᠮ (ᠮᠣᠩᠭᠣᠯ ᠠᠷᠠᠳ ᠤᠨ ᠬᠤᠪᠢᠰᠬᠠᠯᠲᠤ ᠨᠠᠮ) ᠍ ᠤᠨ ᠬᠠᠷᠢᠶ᠎ᠠ ᠪᠠᠶᠢᠭᠤᠯᠤᠯᠭ᠎ᠠ ᠪᠠᠶᠢᠪᠠ᠃ ᠠᠩᠬᠠᠷᠠᠭᠤᠯᠭ᠎ᠠ ᠠᠪᠤᠭᠰᠠᠨ ᠬᠡᠳᠦᠢ ᠴᠤ ᠡᠯᠪᠡᠭᠳᠣᠷᠵᠢ ᠪᠠ ᠲᠡᠭᠦᠨ ᠦ ᠨᠥᠬᠥᠳ ᠪᠤᠰᠤᠳ ᠵᠠᠯᠠᠭᠤᠰ ᠲᠠᠢ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠳᠤᠭᠤᠢ ᠲᠠᠩᠬᠢᠮ ᠳᠤ ᠨᠢᠭᠤᠴᠠ ᠪᠠᠷ ᠴᠤᠭᠯᠠᠷᠠᠵᠤ᠂ ᠲᠤᠬᠠᠢ ᠶᠢᠨ ᠦᠶ᠎ᠡ ᠶᠢᠨ ᠬᠠᠭᠠᠯᠲᠠᠲᠠᠢ ᠰᠡᠳᠦᠪ ᠪᠣᠯᠬᠤ ᠠᠷᠠᠳᠴᠢᠯᠠᠯ᠂ ᠴᠢᠯᠦᠭᠡᠲᠦ ᠵᠠᠬ᠎ᠠ ᠵᠡᠭᠡᠯᠢᠵᠢᠨ ᠲᠤᠬᠠᠢ ᠶᠠᠭᠤ ᠮᠡᠳᠡᠬᠦ ᠪᠡᠨ ᠬᠡᠯᠡᠯᠴᠡᠨ ᠶᠠᠷᠢᠯᠴᠠᠵᠤ᠂ ᠠᠷᠠᠳᠴᠢᠯᠠᠭᠰᠠᠨ ᠬᠥᠳᠡᠯᠭᠡᠭᠡᠨ ᠵᠣᠬᠢᠶᠠᠨ ᠪᠠᠶᠢᠭᠤᠯᠬᠤ ᠲᠥᠯᠥᠪᠯᠡᠭᠡ ᠵᠣᠬᠢᠶᠠᠵᠤ ᠡᠬᠢᠯᠡᠵᠡᠢ᠃ ᠲᠡᠳᠡ ᠣᠯᠠᠨ ᠤᠳᠠᠭ᠎ᠠ ᠠᠭᠤᠯᠵᠠᠵᠤ᠂ ᠰᠢᠨ᠎ᠡ ᠨᠠᠶᠢᠵᠠ ᠨᠥᠬᠥᠳ᠂ ᠰᠢᠨ᠎ᠡ ᠳᠡᠮᠵᠢᠭᠴᠢᠳ ᠢ ᠥᠪᠡᠷᠰᠡᠳ ᠲᠡᠢ ᠪᠡᠨ ᠨᠢᠭᠡᠳᠦᠭᠦᠯᠬᠦ ᠪᠡᠷ ᠳᠠᠭᠠᠭᠤᠯᠵᠤ ᠢᠷᠡᠵᠦ ᠪᠠᠶᠢᠪᠠ᠃ ᠨᠢᠭᠡ ᠰᠥᠨᠢ ᠲᠡᠳᠡ ᠨᠡᠭᠡᠭᠡᠯᠲᠡ ᠲᠡᠢ ᠴᠤᠭᠯᠠᠭᠠᠨ ᠵᠣᠬᠢᠶᠠᠨ ᠪᠠᠶᠢᠭᠤᠯᠬᠤ ᠲᠤᠬᠠᠢ ᠵᠠᠷᠯᠠᠯ ᠢᠶᠠᠨ ᠭᠤᠳᠤᠮᠵᠢᠨ ᠳᠤ ᠱᠣᠩ ᠤᠨ ᠮᠣᠳᠣᠨ ᠨᠤᠭᠤᠳ ᠳᠡᠭᠡᠷ᠎ᠡ ᠨᠠᠭᠠᠭᠰᠠᠨ ᠪᠠᠶᠢᠪᠠ᠃
ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠴ᠃ᠡᠯᠪᠡᠭᠳᠣᠷᠵᠢ

1989 ᠣᠨ ᠤ 12 ᠳ᠋ᠤᠭᠠᠷ ᠰᠠᠷ᠎ᠠ ᠶᠢᠨ 10 ᠍ ᠤ ᠥᠷᠯᠥᠭᠡ ᠮᠣᠩᠭᠣᠯ ᠤᠨ ᠵᠠᠯᠠᠭᠤᠴᠤᠳ ᠤᠨ ᠡᠪᠯᠡᠯ ᠤᠨ ᠪᠠᠶᠢᠷᠢᠨ ᠤ ᠡᠮᠦᠨ᠎ᠡ ᠠᠷᠠᠳᠴᠢᠯᠠᠯ ᠤᠨ ᠲᠥᠯᠥᠭᠡ ᠠᠩᠬᠠᠨ ᠤ ᠣᠯᠠᠨ ᠨᠡᠶᠢᠲᠡ ᠶᠢᠨ ᠴᠤᠭᠯᠠᠭᠠᠨ ᠪᠣᠯᠪᠠ᠃ ᠬᠦᠮᠦᠰ ᠴᠤᠭᠯᠠᠷᠠᠬᠤ ᠳᠤ ᠲᠤᠰ ᠴᠤᠭᠯᠠᠭᠠᠨ ᠢ ᠵᠣᠬᠢᠶᠠᠨ ᠪᠠᠶᠢᠭᠤᠯᠤᠭᠴᠢᠳ ᠤᠨ ᠨᠢᠭᠡ ᠡᠯᠪᠡᠭᠳᠣᠷᠵᠢ ᠮᠢᠺᠷᠣᠹᠣᠨ (microphone) ᠠᠪᠤᠭᠠᠳ᠂ ᠮᠣᠩᠭᠣᠯ ᠳᠤ ᠠᠷᠠᠳᠴᠢᠯᠠᠭᠰᠠᠨ ᠬᠥᠳᠡᠯᠭᠡᠭᠡᠨ ᠪᠠᠶᠢᠭᠤᠯᠤᠭᠳᠠᠵᠤ ᠪᠠᠶᠢᠭ᠎ᠠ ᠶᠢ ᠵᠠᠷᠯᠠᠨ ᠲᠤᠩᠬᠠᠭᠯᠠᠭᠰᠠᠨ᠃ ᠲᠤᠰ ᠬᠥᠳᠡᠯᠭᠡᠭᠡᠨ ᠡᠴᠡ ᠤᠳᠠᠯ ᠦᠭᠡᠢ ᠠᠷᠠᠳᠴᠢᠯᠠᠭᠰᠠᠨ ᠬᠣᠯᠪᠣᠭ᠎ᠠ ᠪᠠᠶᠢᠭᠤᠯᠤᠭᠳᠠᠪᠠ᠃ ᠠᠷᠠᠳᠴᠢᠯᠠᠭᠰᠠᠨ ᠬᠣᠯᠪᠣᠭ᠎ᠠ ᠨᠢ ᠮᠣᠩᠭᠣᠯ ᠤᠨ ᠠᠩᠬᠠᠨ ᠤ ᠲᠥᠷᠥ ᠶᠢᠨ ᠪᠤᠰᠤ ᠠᠷᠠᠳᠴᠢᠯᠠᠭᠰᠠᠨ ᠪᠠᠶᠢᠭᠤᠯᠤᠯᠭ᠎ᠠ ᠪᠥᠭᠡᠳ ᠡᠯᠪᠡᠭᠳᠣᠷᠵᠢ ᠦᠨᠳᠦᠰᠦᠯᠡᠨ ᠪᠠᠶᠢᠭᠤᠯᠤᠭᠴᠢᠳ ᠤᠨ ᠨᠢ ᠨᠢᠭᠡ ᠶᠤᠮ᠃ ᠲᠤᠬᠠᠢ ᠶᠢᠨ ᠦᠶ᠎ᠡ ᠶᠢᠨ ᠮᠣᠩᠭᠣᠯ ᠤᠨ ᠲᠥᠷᠥ ᠶᠢᠨ ᠳᠡᠭᠡᠳᠦ ᠭᠦᠢᠴᠡᠳᠭᠡᠬᠦ ᠪᠠᠶᠢᠭᠤᠯᠤᠯᠭ᠎ᠠ ᠪᠣᠯᠬᠤ ᠮᠣᠩᠭᠣᠯ ᠠᠷᠠᠳ ᠤᠨ ᠬᠤᠪᠢᠰᠬᠠᠯᠲᠤ ᠨᠠᠮ ᠍ ᠤᠨ ᠤᠯᠤᠰ ᠲᠥᠷᠥ ᠶᠢᠨ ᠲᠣᠪᠴᠢᠶ᠎ᠠᠵᠢᠨ ᠵᠦᠭ ᠡᠴᠡ ᠰᠢᠳᠭᠡᠬᠦ᠂ ᠴᠥᠯᠡᠬᠦ᠂ ᠬᠡᠯᠮᠡᠭᠳᠡᠭᠦᠯᠬᠦ ᠶᠡᠬᠡᠬᠡᠨ ᠮᠠᠭᠠᠳᠯᠠᠯ ᠲᠠᠢ ᠪᠠᠶᠢᠬᠤ ᠳᠤ ᠠᠷᠠᠳᠴᠢᠯᠠᠯ ᠢ ᠳᠡᠮᠵᠢᠭᠴᠢᠳ ᠤᠯᠠᠮ ᠣᠯᠠᠨ ᠵᠢᠭ᠌ᠰᠠᠭᠠᠯ ᠴᠤᠭᠯᠠᠭᠠᠨ ᠵᠣᠬᠢᠶᠠᠨ ᠪᠠᠶᠢᠭᠤᠯᠵᠤ ᠪᠠᠶᠢᠪᠠ᠃ ᠮᠣᠩᠭᠣᠯ ᠣᠷᠣᠨ ᠢᠶᠠᠨ ᠠᠷᠠᠳᠴᠢᠯᠠᠭᠰᠠᠨ ᠨᠡᠶᠢᠭᠡᠮ ᠲᠡᠢ ᠪᠣᠯᠭᠠᠬᠤ ᠶᠢ ᠵᠣᠷᠢᠭᠰᠠᠨ ᠠᠷᠠᠳᠴᠢᠯᠠᠭᠰᠠᠨ ᠬᠥᠳᠡᠯᠭᠡᠭᠡᠨ ᠢ ᠮᠣᠩᠭᠣᠯᠴᠤᠳ ᠳᠡᠮᠵᠢᠵᠦ᠂ ᠲᠤᠰ ᠬᠥᠳᠡᠯᠭᠡᠭᠡᠨ ᠨᠢ ᠠᠶᠢᠮᠠᠭ ᠪᠦᠷᠢ ᠳᠦ ᠰᠠᠯᠪᠤᠷᠢ ᠲᠠᠢ ᠪᠦᠬᠦ ᠮᠣᠩᠭᠣᠯ ᠤᠯᠤᠰ  ᠤᠨ ᠳᠠᠪᠠᠯᠭᠠᠯᠠᠭᠰᠠᠨ ᠬᠥᠳᠡᠯᠭᠡᠭᠡᠨ ᠪᠣᠯᠤᠨ ᠬᠤᠪᠢᠷᠠᠪᠠ᠃ ᠠᠷᠠᠳᠴᠢᠯᠠᠭᠰᠠᠨ ᠬᠥᠳᠡᠯᠭᠡᠭᠡᠨ ᠵᠢᠭ᠌ᠰᠠᠭᠠᠯ ᠴᠤᠭᠯᠠᠭᠠᠨ᠂ ᠥᠯᠥᠰᠬᠦᠯᠡᠩ ᠵᠣᠬᠢᠶᠠᠨ ᠪᠠᠶᠢᠭᠤᠯᠵᠤ᠂ ᠣᠯᠠᠨ ᠠᠶᠢᠮᠠᠭ ᠲᠤ ᠠᠷᠠᠳᠴᠢᠯᠠᠭᠰᠠᠨ ᠬᠥᠳᠡᠯᠭᠡᠭᠡᠨ ᠢ ᠳᠡᠮᠵᠢᠭᠰᠡᠨ ᠪᠠᠭᠰᠢ ᠠᠵᠢᠯᠴᠢᠳ ᠤᠨ ᠠᠵᠢᠯ ᠬᠠᠶᠠᠯᠲᠠ ᠪᠣᠯᠪᠠ᠃ ᠡᠨᠡ ᠪᠦᠬᠦ ᠳᠠᠷᠤᠮᠲᠠ ᠰᠢᠬᠠᠯᠲᠠ ᠪᠠᠷ ᠶᠢᠰᠦᠨ ᠭᠡᠰᠢᠭᠦᠨ ᠲᠡᠢ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠤᠯᠤᠰ ᠲᠥᠷᠥ ᠶᠢᠨ ᠲᠣᠪᠴᠢᠶ᠎ᠠ ᠠᠷᠠᠳᠴᠢᠯᠠᠭᠰᠠᠨ ᠬᠥᠳᠡᠯᠭᠡᠭᠡᠨ ᠦ ᠤᠳᠤᠷᠢᠳᠤᠭᠴᠢᠳ ᠲᠠᠢ ᠠᠭᠤᠯᠵᠠᠵᠤ ᠬᠡᠯᠡᠯᠴᠡᠭᠡ ᠬᠢᠬᠦ ᠶᠢ ᠵᠥᠪᠰᠢᠶᠡᠷᠡᠭᠰᠡᠨ᠃ ᠡᠯᠪᠡᠭᠳᠣᠷᠵᠢ ᠬᠡᠯᠡᠯᠴᠡᠭᠡ ᠬᠢᠭᠴᠢᠳ ᠦᠨ ᠨᠢᠭᠡ ᠪᠠᠶᠢᠭᠰᠠᠨ ᠪᠥᠭᠡᠳ ᠬᠡᠯᠡᠯᠴᠡᠭᠡᠨ ᠦ ᠳᠠᠷᠠᠭ᠎ᠠ ᠤᠯᠤᠰ ᠲᠥᠷᠥ ᠶᠢᠨ ᠲᠣᠪᠴᠢᠶᠠᠨ ᠤ ᠳᠠᠷᠤᠭ᠎ᠠ ᠵᠠᠮᠪᠠ ᠶᠢᠨ ᠪᠠᠲᠤᠮᠦ᠋ᠩᠬᠡ ᠤᠯᠤᠰ ᠲᠥᠷᠥ ᠶᠢᠨ ᠲᠣᠪᠴᠢᠶ᠎ᠠ ᠶᠢ ᠲᠠᠲᠠᠨ ᠪᠠᠭᠤᠯᠭᠠᠬᠤ ᠰᠢᠢᠳᠪᠦᠷᠢ ᠭᠠᠷᠭᠠᠵᠤ᠂ ᠤᠯᠤᠰ ᠲᠥᠷᠥ ᠶᠢᠨ ᠲᠣᠪᠴᠢᠶ᠎ᠠ ᠲᠠᠲᠠᠨ ᠪᠠᠭᠤᠭᠳᠠᠭᠰᠠᠨ ᠢᠶᠠᠷ ᠮᠣᠩᠭᠣᠯ ᠤᠯᠤᠰ ᠠᠷᠠᠳ ᠤᠨ ᠶᠡᠬᠡ ᠬᠤᠷᠠᠯ ᠪᠠᠶᠢᠭᠤᠯᠬᠤ ᠪᠣᠯᠤᠮᠵᠢ ᠲᠠᠢ ᠪᠣᠯᠵᠤ᠂ ᠠᠷᠠᠳ ᠤᠨ ᠶᠡᠬᠡ ᠬᠤᠷᠠᠯ ᠨᠢ ᠬᠦᠮᠦᠨ ᠦ ᠡᠷᠬᠡᠠᠷᠠᠳᠴᠢᠯᠠᠯᠡᠷᠬᠡ ᠴᠢᠯᠦᠭᠡ ᠶᠢ ᠪᠠᠲᠤᠯᠭᠠᠵᠢᠭᠤᠯᠤᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠶᠢ ᠪᠠᠲᠤᠯᠠᠭᠰᠠᠨ ᠵᠢᠡᠷ ᠮᠣᠩᠭᠣᠯ ᠣᠷᠣᠨ ᠠᠷᠠᠳᠴᠢᠯᠠᠭᠰᠠᠨ ᠣᠷᠣᠨ ᠪᠣᠯᠤᠭᠰᠠᠨ᠃

ᠨᠢᠭᠡᠳᠦᠭᠰᠡᠨ ᠦᠨᠳᠦᠰᠦᠳᠡᠨ ᠦ ᠪᠠᠶᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠨ ᠭᠢ ᠮᠦᠨ᠂ ᠮᠣᠩᠭᠣᠯ ᠤᠯᠤᠰ ᠤᠨ ᠶᠡᠷᠦᠩᠬᠡᠶᠢᠯᠡᠭᠴᠢ ᠴ᠂ ᠡᠯᠪᠡᠭᠳᠣᠷᠵᠢ ᠨᠠᠷ ᠨᠢᠭᠡᠳᠦᠭᠰᠡᠨ ᠦᠨᠳᠦᠰᠦᠳᠡᠨ ᠦ ᠪᠠᠶᠢᠭᠤᠯᠤᠯᠭ᠎ᠠ ᠍ ᠤᠨ ᠤᠳᠤᠷᠢᠳᠬᠤ ᠵᠥᠪᠯᠡᠯ ᠦᠨ ᠪᠠᠶᠢᠷᠢᠨ ᠳᠤ ᠠᠭᠤᠯᠵᠠᠯ᠎ᠠ᠃ 2011 ᠣᠨ ᠤ 9 ᠰᠠᠷ᠎ᠠ ᠶᠢᠨ 19

ᠮᠣᠩᠭᠣᠯ ᠤᠯᠤᠰ ᠲᠤ ᠠᠷᠠᠳᠴᠢᠯᠠᠭᠰᠠᠨ ᠨᠡᠶᠢᠭᠡᠮ ᠤᠨ ᠲᠣᠭᠲᠠᠯᠴᠠᠭ᠎ᠠ ᠶᠢ ᠪᠤᠢ ᠪᠣᠯᠭᠠᠬᠤ ᠳᠤ ᠣᠷᠣᠭᠤᠯᠤᠭᠰᠠᠨ ᠬᠤᠪᠢ ᠨᠡᠮᠡᠷᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠴᠠᠬᠢᠶ ᠠ ᠶᠢᠨ ᠡᠯᠪᠡᠭᠳᠣᠷᠵᠢ ᠮᠣᠩᠭᠣᠯ ᠤᠨ ᠠᠩᠬᠠᠨ ᠤ ᠪᠡᠶ᠎ᠡ ᠳᠠᠭᠠᠭᠰᠠᠨ ᠰᠣᠨᠢᠨ ᠪᠣᠯᠬᠤ "ᠠᠷᠠᠳᠴᠢᠯᠠᠯ" ᠰᠣᠨᠢᠨ ᠢ 1990 ᠣᠨ ᠳᠤ ᠡᠭᠦᠰᠬᠡᠨ ᠪᠠᠶᠢᠭᠤᠯᠵᠤ᠂ ᠡᠷᠬᠢᠯᠡᠭᠴᠢ ᠪᠡᠷ ᠨᠢ ᠠᠵᠢᠯᠯᠠᠭᠰᠠᠨ᠃ ᠴᠢᠯᠦᠭᠡᠲᠦ ᠬᠡᠪᠯᠡᠯ ᠢ ᠠᠩᠬ᠎ᠠ ᠡᠭᠦᠰᠬᠡᠨ ᠪᠤᠢ ᠪᠣᠯᠭᠠᠵᠤ᠂ ᠬᠠᠮᠠᠭᠠᠯᠠᠭᠰᠠᠨ ᠦᠢᠯᠡ ᠬᠡᠷᠡᠭ ᠢ ᠨᠢ ᠦᠨᠡᠯᠡᠵᠦ ᠮᠣᠩᠭᠣᠯ ᠤᠨ ᠰᠡᠳᠬᠦᠯᠴᠢᠳ ᠦᠨ ᠨᠡᠶᠢᠭᠡᠮᠯᠢᠭ ᠡᠴᠡ ᠡᠯᠪᠡᠭᠳᠣᠷᠵᠢ ᠶᠢ "ᠬᠡᠪᠯᠡᠯ ᠦᠨ ᠡᠷᠬᠡ ᠴᠢᠯᠦᠭᠡᠨ ᠦ ᠣᠳᠣᠨ" ᠍ ᠪᠠᠷ 2000 ᠣᠨ ᠳᠤ ᠱᠠᠩᠨᠠᠵᠠᠢ᠃

ᠡᠯᠪᠡᠭᠳᠣᠷᠵᠢ ᠠᠷᠠᠳ ᠲᠦᠮᠡᠨ ᠡᠴᠡ ᠰᠣᠩᠭᠣᠭᠳᠠᠨ ᠠᠷᠠᠳ ᠤᠨ ᠶᠡᠬᠡ ᠬᠤᠷᠠᠯ ᠤᠨ ᠳ᠋ᠧᠫᠦᠶᠢᠲ᠋ᠠᠲ ᠠᠴᠠ ᠡᠬᠢᠯᠡᠵᠦ ᠨᠡᠶᠢᠲᠡ ᠭᠤᠷᠪᠠᠨ ᠤᠳᠠᠭ᠎ᠠ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ 1990-2000 ᠣᠨ ᠳᠤ ᠠᠵᠢᠯᠯᠠᠭᠰᠠᠨ ᠪᠠᠶᠢᠨ᠎ᠠ᠃ ᠲᠡᠷᠡᠪᠡᠷ ᠬᠦᠮᠦᠨ ᠦ ᠡᠷᠬᠡᠠᠷᠠᠳᠴᠢᠯᠠᠯᠡᠷᠬᠡ ᠴᠢᠯᠦᠭᠡ ᠶᠢ ᠲᠤᠩᠬᠠᠭᠯᠠᠨ ᠪᠠᠲᠤᠯᠠᠭᠠᠵᠢᠭᠤᠯᠤᠭᠰᠠᠨ ᠮᠣᠩᠭᠣᠯ ᠤᠯᠤᠰ ᠤᠨ ᠰᠢᠨ᠎ᠡ ᠦᠨᠳᠤᠰᠦᠨ ᠬᠠᠤᠯᠢ ᠶᠢ ᠪᠣᠯᠪᠠᠰᠤᠷᠠᠭᠤᠯᠤᠨ ᠪᠠᠲᠤᠯᠠᠯᠴᠠᠭᠰᠠᠨ ᠶᠤᠮ᠃

ᠮᠣᠩᠭᠣᠯ ᠳᠠᠬᠢ ᠬᠠᠮᠤᠭ ᠤᠨ ᠠᠩᠬᠠᠨ ᠤ ᠪᠡᠶ᠎ᠡ ᠳᠠᠭᠠᠭᠰᠠᠨ ᠲᠧᠯᠸᠢᠰ ᠪᠣᠯᠬᠤ ᠮᠣᠩᠭᠣᠯ᠂ ᠠᠮᠧᠷᠢᠺᠠ ᠶᠢᠨ ᠬᠠᠮᠲᠤᠷᠠᠭᠰᠠᠨ ᠢᠭᠢᠭᠯ ᠲᠧᠯᠸᠢᠰ  ᠢ ᠡᠯᠪᠡᠭᠳᠣᠷᠵᠢ 1995 ᠣᠨ ᠳᠤ ᠡᠭᠦᠰᠬᠡᠨ ᠪᠠᠶᠢᠭᠤᠯᠤᠭᠰᠠᠠ ᠪᠠᠶᠢᠨ᠎ᠠ᠃

ᠺᠣᠮᠮᠤᠨᠢᠰ ᠲᠤ ᠣᠨ ᠵᠢᠯ ᠤᠳ ᠲᠤ ᠮᠣᠩᠭᠣᠯ ᠠᠷᠠᠳ ᠤᠨ ᠬᠤᠪᠢᠰᠬᠠᠯᠲᠤ ᠨᠠᠮ ᠍ ᠤᠨ ᠵᠠᠰᠠᠭᠯᠠᠯ ᠠᠴᠠ ᠥᠭᠡᠷ᠎ᠡ ᠦᠵᠡᠯ ᠪᠣᠳᠣᠯᠲᠠᠢ᠂ ᠱᠠᠰᠢᠨᠲᠠᠢ ᠪᠠᠶᠢᠭᠰᠠᠨ ᠠᠴᠠ ᠨᠢ ᠪᠣᠯᠵᠤ ᠬᠡᠯᠮᠡᠭᠳᠡᠭᠦᠯᠵᠦ᠂ ᠤᠰᠠᠳᠬᠠᠭᠰᠠᠨ 37000 ᠭᠠᠷᠤᠢ ᠬᠡᠯᠮᠡᠭᠳᠡᠭᠰᠡᠳ᠂ ᠪᠣᠯᠤᠨ ᠲᠡᠳᠡᠨ ᠦ ᠠᠷᠤ ᠭᠡᠷ ᠦᠨ ᠬᠢᠨ ᠡᠴᠡ ᠮᠣᠩᠭᠣᠯ ᠤᠯᠤᠰ ᠤᠨ ᠲᠥᠷᠥ ᠠᠭᠤᠴᠢᠯᠠᠯ ᠬᠦᠰᠡᠬᠦ ᠠᠷᠭ᠎ᠠ ᠬᠡᠮᠵᠢᠶ᠎ᠡ ᠶᠢ ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠶᠢᠭᠤᠯᠬᠤ ᠤᠯᠤᠰ ᠤᠨ ᠺᠣᠮᠢᠰ ᠤᠨ ᠳᠠᠷᠤᠭ᠎ᠠ ᠪᠠᠶᠢᠬᠤ ᠳᠤ ᠪᠠᠨ ᠡᠯᠪᠡᠭᠳᠣᠷᠵᠢ ᠰᠠᠨᠠᠭᠠᠴᠢᠯᠠᠵᠤ᠂ ᠬᠡᠷᠡᠭᠵᠢᠭᠦᠯᠦᠭᠰᠡᠨ ᠶᠤᠮ᠃ ᠰᠲ᠋ᠠᠯᠢᠨ ᠤ ᠦᠶᠡᠰ ᠡᠬᠢᠯᠡᠭᠰᠡᠨ ᠤᠯᠤᠰ ᠲᠥᠷᠥ ᠶᠢᠨ ᠬᠢᠯᠢᠰ ᠬᠡᠷᠡᠭ ᠲᠦ ᠬᠡᠯᠮᠡᠭᠳᠡᠭᠰᠡᠳ ᠢ ᠴᠠᠭᠠᠳᠬᠠᠬᠤ᠂ ᠠᠷᠤ ᠭᠡᠷ ᠲᠦ ᠨᠢ ᠨᠥᠬᠥᠨ ᠣᠯᠭᠣᠪᠤᠷᠢ ᠣᠯᠭᠣᠬᠤ᠂ ᠨᠡᠷ᠎ᠡ ᠲᠥᠷᠥ ᠶᠢ ᠨᠢ ᠰᠡᠷᠭᠦᠭᠡᠵᠦ᠂ ᠴᠢᠨᠠᠭᠰᠢᠳᠠ ᠬᠦᠮᠦᠨ ᠦ ᠡᠷᠬᠡ ᠵᠥᠷᠢᠴᠡᠬᠦ ᠶᠢ ᠬᠣᠷᠢᠭᠯᠠᠭᠰᠠᠨ ᠴᠠᠭᠠᠳᠬᠠᠯ ᠤᠨ ᠲᠤᠬᠠᠢ ᠬᠠᠤᠯᠢ ᠶᠢ ᠪᠠᠲᠤᠯᠠᠬᠤ ᠳᠤ ᠡᠯᠪᠡᠭᠳᠣᠷᠵᠢ ᠭᠣᠣᠯ ᠡᠭᠦᠷᠭᠡ ᠭᠦᠢᠴᠡᠳᠭᠡᠭᠰᠡᠨ ᠪᠢᠯᠡ᠃
ᠴ᠂ ᠡᠯᠪᠡᠭᠳᠣᠷᠵᠢ᠂ ᠨᠣᠪᠧᠯ ᠤᠨ ᠱᠠᠩᠨᠠᠯᠲᠤ᠂ ᠪᠢᠷᠢᠮ ᠦᠨ ᠠᠨ ᠰᠠᠨ ᠰᠦ ᠴᠢ ᠨᠠᠷ ᠤᠯᠠᠭᠠᠨᠪᠠᠭᠠᠲᠤᠷ ᠬᠣᠲᠠ ᠵᠢᠨ  ᠲᠥᠷᠥ ᠶᠢᠨ ᠣᠷᠳᠣᠨ ᠳᠤ ᠠᠭᠤᠯᠵᠠᠯ᠎ᠠ᠃ 2013 ᠣᠨ ᠤ 4 ᠰᠠᠷ᠎ᠠ

ᠡᠯᠪᠡᠭᠳᠣᠷᠵᠢ ᠠᠩᠬᠠᠨ ᠤ ᠠᠵᠤ ᠠᠬᠤᠶᠢᠯᠠᠯᠲᠠᠨ ᠤ ᠨᠡᠶᠢᠭᠡᠮᠯᠢᠭ  ᠢ ᠡᠭᠦᠰᠬᠡᠨ ᠪᠠᠶᠢᠭᠤᠯᠤᠭᠰᠠᠨ ᠪᠥᠭᠡᠳ ᠲᠤᠰ ᠪᠠᠶᠢᠭᠤᠯᠤᠯᠭ᠎ᠠ 1991 ᠣᠨ ᠳᠤ ᠮᠠᠯᠴᠢᠳ ᠨᠢᠭᠡᠳᠦᠯ ᠡᠴᠡ ᠥᠪᠡᠷᠰᠡᠳ ᠦᠨ ᠬᠥᠷᠥᠩᠭᠡ ᠪᠣᠯᠬᠤ ᠮᠠᠯ ᠢᠶᠠᠨ ᠬᠤᠪᠢᠴᠢᠯᠠᠵᠤ ᠠᠪᠬᠤ ᠳᠤ ᠨᠢ ᠮᠠᠯᠴᠢᠳ ᠲᠤ ᠲᠤᠰᠠᠯᠠᠭᠰᠠᠨ᠃ ᠮᠠᠯ ᠢ ᠬᠤᠪᠢᠴᠢᠯᠠᠵᠤ᠂ ᠮᠠᠯᠴᠢᠳ ᠢ ᠬᠥᠷᠥᠩᠭᠡ ᠲᠡᠢ ᠪᠣᠯᠭᠠᠭᠰᠠᠨ ᠤ ᠠᠴᠢ ᠪᠠᠷ ᠮᠣᠩᠭᠣᠯ ᠤᠯᠤᠰ ᠲᠤ ᠰᠣᠴᠢᠶᠠᠯᠢᠰᠲᠤ ᠣᠨ ᠵᠢᠯ ᠤᠳ ᠲᠤ ᠬᠡᠵᠢᠶ᠎ᠡ ᠴᠤ 25 ᠰᠠᠶ᠎ᠠ(25000) ᠳᠤ ᠬᠦᠷᠴᠦ ᠦᠵᠡᠭᠡ ᠦᠭᠡᠢ ᠲᠠᠪᠤᠨ ᠬᠣᠰᠢᠭᠤ ᠮᠠᠯ ᠍ ᠤᠨ ᠲᠣᠭ᠎ᠠ ᠲᠣᠯᠣᠭᠠᠢ ᠮᠠᠯ ᠬᠤᠪᠴᠠᠯᠠᠭᠳᠠᠭᠰᠠᠨ ᠠᠴᠠ ᠬᠣᠶᠢᠰᠢ ᠪᠣᠭᠣᠨᠢ ᠬᠤᠭᠤᠴᠠᠭᠠᠨ ᠳᠤ 30 ᠰᠠᠶ᠎ᠠ(30000) ᠳᠤ ᠬᠦᠷᠦᠭᠰᠡᠨ ᠪᠢᠯᠡ᠃

ᠶᠡᠷᠦᠩᠬᠡᠢ ᠰᠠᠶᠢᠳ ᠡᠯᠪᠡᠭᠳᠣᠷᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠨ ᠲᠡᠦᠬᠡᠨ ᠳᠦ ᠶᠡᠷᠦᠩᠬᠡᠢ ᠰᠠᠶᠢᠳ ᠢᠶᠠᠷ ᠬᠣᠶᠠᠷ ᠤᠳᠠᠭ᠎ᠠ ᠠᠵᠢᠯᠯᠠᠭᠰᠠᠨ ᠬᠣᠶᠠᠷᠬᠠᠨ ᠬᠦᠮᠦᠨ ᠦ ᠨᠢᠭᠡ ᠨᠢ ᠴᠠᠬᠢᠶ ᠠ ᠶᠢᠨ ᠡᠯᠪᠡᠭᠳᠣᠷᠵᠢ ᠶᠤᠮ᠃ ᠠᠷᠠᠳᠴᠢᠯᠠᠭᠰᠠᠨ ᠨᠠᠮ ᠍ ᠤᠨ ᠳᠠᠷᠤᠭ᠎ᠠ ᠶᠢᠨ ᠬᠤᠪᠢ ᠳᠤ ᠡᠯᠪᠡᠭᠳᠣᠷᠵᠢ ᠮᠣᠩᠭᠣᠯ ᠤᠨ ᠦᠨᠳᠦᠰᠦᠳᠠᠨ ᠦ ᠠᠷᠠᠳᠴᠢᠯᠠᠭᠰᠠᠨ ᠨᠠᠮᠮᠣᠩᠭᠣᠯ ᠤᠨ ᠰᠣᠴᠢᠶᠠᠯ ᠳᠧᠮᠣᠺᠷᠠᠲ ᠨᠠᠮ ᠍ ᠤᠨ "ᠠᠷᠠᠳᠴᠢᠯᠠᠭᠰᠠᠨ ᠬᠣᠯᠪᠣᠭ᠎ᠠ ᠡᠪᠰᠡᠯ" ᠍ ᠢ ᠬᠠᠮᠲᠤᠷᠠᠨ ᠤᠳᠤᠷᠢᠳᠥᠵᠤ᠂ ᠲᠤᠰ ᠡᠪᠰᠡᠯ ᠢ 1996 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠲᠡᠦᠬᠡᠨ ᠢᠯᠠᠯᠲᠠ  ᠳᠤ ᠬᠦᠷᠭᠡᠭᠰᠡᠨ ᠪᠢᠯᠡ᠃ ᠡᠯᠪᠡᠭᠳᠣᠷᠵᠢ ᠤᠯᠤᠰ ᠤᠨ ᠶᠡᠬᠡ ᠬᠤᠷᠠᠯ ᠤᠨ ᠣᠯᠠᠩᠬᠢ ᠶᠢᠨ ᠪᠦᠯᠦᠭ ᠦᠨ ᠳᠠᠷᠤᠭ᠎ᠠ ᠪᠠᠷ 1996-2000 ᠣᠨ ᠳᠤ᠂ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠪᠠᠷ 1996-1998 ᠣᠨ ᠳᠤ ᠲᠤᠰ ᠲᠤᠰ ᠠᠵᠢᠯᠯᠠᠭᠰᠠᠨ᠃

1998 ᠣᠨ ᠤ 4 ᠍ ᠳᠦᠭᠡᠷ ᠰᠠᠷ᠎ᠠ ᠳᠤ ᠡᠯᠪᠡᠭᠳᠣᠷᠵᠢ ᠮᠣᠩᠭᠣᠯ ᠤᠨ ᠰᠡᠭᠦᠯ ᠦᠨ ᠦᠶ᠎ᠡ ᠶᠢᠨ ᠲᠡᠦᠬᠡᠨ ᠳ᠋ᠡᠬᠢ ᠬᠠᠮᠤᠭ ᠤᠨ ᠵᠠᠯᠠᠭᠤ ᠶᠡᠷᠦᠩᠬᠡᠢ ᠰᠠᠶᠢᠳ ᠢᠶᠠᠷ ᠰᠣᠩᠭᠣᠭᠳᠠᠭᠰᠠᠨ᠃ ᠶᠡᠷᠦᠩᠬᠡᠢ ᠰᠠᠶᠢᠳ ᠢᠶᠠᠷ ᠠᠵᠢᠯᠯᠠᠬᠤ ᠬᠤᠭᠤᠴᠠᠭᠠᠨ ᠳᠤ ᠪᠠᠨ ᠡᠯᠪᠡᠭᠳᠣᠷᠵᠢ ᠤᠯᠤᠰ ᠦᠨᠳᠦᠰᠦᠲᠡᠨ ᠦ ᠬᠡᠮᠵᠢᠶᠡᠨ ᠳᠦ ᠲᠤᠯᠭᠠᠮᠳᠠᠭᠰᠠᠨ ᠤᠯᠤᠰ ᠲᠥᠷᠥᠡᠳ᠋ ᠍ ᠦᠨ ᠵᠠᠰᠠᠭᠳᠡᠳ᠋ ᠪᠦᠲᠦᠴᠡ᠂ ᠨᠡᠶᠢᠭᠡᠮ ᠤᠨ ᠠᠰᠠᠭᠤᠳᠠᠯ ᠤᠳ ᠢ ᠰᠢᠢᠳᠪᠦᠷᠢᠯᠡᠬᠦ ᠠᠮᠢᠨ ᠴᠢᠬᠤᠯᠠ ᠠᠯᠬᠤᠮ ᠤᠳ ᠬᠢᠭᠰᠡᠨ ᠪᠥᠭᠡᠳ ᠮᠣᠩᠭᠣᠯ ᠤᠯᠤᠰ ᠤᠨ ᠨᠡᠭᠡᠭᠡᠯᠲᠡᠲᠡᠢ ᠭᠠᠳᠠᠭᠠᠳᠤ ᠪᠣᠳᠣᠯᠭ᠎ᠠ ᠶᠢ ᠲᠤᠤᠱᠲᠠᠢ ᠦᠷᠭᠦᠯᠵᠢᠯᠡᠭᠦᠯᠦᠭᠰᠡᠨ᠃ ᠬᠡᠪᠯᠡᠯ ᠦᠨ ᠡᠷᠬᠡ ᠴᠢᠯᠦᠭᠡᠨ ᠦ ᠲᠤᠬᠠᠢ ᠬᠠᠤᠯᠢ ᠶᠢ ᠰᠠᠨᠠᠭᠠᠴᠢᠯᠠᠭᠴᠢᠳ ᠤᠨ ᠨᠢᠭᠡ ᠨᠢ ᠡᠯᠪᠡᠭᠳᠣᠷᠵᠢ ᠪᠥᠭᠡᠳ ᠲᠡᠷᠡᠪᠡᠷ ᠲᠤᠰ ᠬᠠᠤᠯᠢ ᠶᠢ 1998 ᠣᠨ ᠳᠤ ᠪᠠᠲᠤᠯᠠᠭᠤᠯᠬᠤ ᠳᠤ ᠴᠢᠬᠤᠯᠠ ᠡᠭᠦᠷᠭᠡ ᠭᠦᠢᠴᠡᠳᠭᠡᠭᠰᠡᠨ ᠶᠤᠮ᠃ ᠲᠤᠰ ᠬᠠᠤᠯᠢ ᠳᠡᠭᠡᠷ᠎ᠡ ᠲᠤᠯᠭᠠᠭᠤᠷᠢᠯᠠᠨ ᠪᠠᠲᠤᠯᠠᠭᠳᠠᠭᠰᠠᠨ ᠳᠠᠷᠠᠭ᠎ᠠ ᠶᠢᠨ ᠬᠠᠤᠯᠢ ᠪᠠᠷ ᠤᠯᠤᠰ ᠤᠨ ᠮᠡᠳᠡᠯ ᠦᠨ ᠡᠳᠦᠷ ᠲᠤᠲᠤᠮ ᠤᠨ ᠰᠣᠨᠢᠨ  ᠤᠳ ᠪᠣᠯᠬᠤ "ᠠᠷᠠᠳ ᠤᠨ ᠡᠷᠬᠡ" "ᠵᠠᠰᠠᠭ ᠤᠨ ᠭᠠᠵᠠᠷ ᠤᠨ ᠮᠡᠳᠡᠭᠡ" ᠰᠣᠨᠢᠨ ᠨᠤᠭᠤᠳ ᠢ ᠲᠥᠷᠥ ᠡᠴᠡ ᠰᠢᠭᠤᠳ ᠬᠢᠨᠠᠳᠠᠭ ᠢ ᠨᠢ ᠵᠣᠭᠰᠣᠭᠠᠵᠤ᠂ ᠣᠯᠠᠨ ᠨᠡᠶᠢᠲᠡ ᠶᠢᠨ ᠰᠣᠨᠢᠨ ᠪᠣᠯᠭᠠᠭᠰᠠᠨ ᠬᠠᠤᠯᠢ ᠭᠠᠷᠤᠭᠰᠠᠨ᠃
Mᠮᠤᠨᠭᠭᠤᠯ ᠤᠯᠤᠰ ᠤᠨ ᠶᠡᠷᠦᠩᠬᠡᠶᠢᠯᠡᠭᠴᠢ ᠴ᠂ ᠡᠯᠪᠡᠭᠳᠣᠷᠵᠢ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠪᠠᠷᠠᠺ ᠣᠪᠠᠮᠠ ᠨᠠᠷ ᠴᠠᠭᠠᠨ ᠣᠷᠳᠣᠨ ᠳᠤ ᠠᠭᠤᠯᠵᠠᠵᠤ ᠪᠤᠢ᠂ ᠸᠠᠰᠢᠩᠲ᠋ᠣᠨ ᠬᠣᠲᠠ᠂ ᠠᠮᠧᠷᠢᠺᠠ ᠶᠢᠨ ᠨᠢᠭᠡᠳᠦᠭᠰᠡᠨ ᠤᠯᠤᠰ᠂ 2011 ᠣᠨ ᠤ 6 ᠍ ᠳᠦᠭᠡᠷ ᠰᠠᠷ᠎ᠠ

ᠠᠷᠠᠳᠴᠢᠯᠠᠭᠰᠠᠨ ᠲᠣᠭᠲᠠᠯᠴᠠᠭ᠎ᠠ ᠶᠢ ᠮᠣᠩᠭᠣᠯ ᠤᠯᠤᠰ ᠲᠤ ᠪᠤᠢ ᠪᠣᠯᠭᠠᠵᠤ᠂ ᠪᠡᠬᠢᠵᠢᠭᠦᠯᠬᠦ ᠳᠦ ᠣᠷᠣᠭᠤᠯᠤᠭᠰᠠᠨ ᠬᠤᠪᠢ ᠨᠡᠮᠡᠷᠢ᠂ ᠬᠦᠴᠦ ᠴᠢᠷᠮᠠᠶᠢᠯᠲᠠ ᠶᠢ ᠨᠢ ᠦᠨᠡᠯᠡᠵᠦ ᠡᠯᠪᠡᠭᠳᠣᠷᠵᠢ ᠶᠢ ᠡᠷᠬᠡ ᠴᠢᠯᠦᠭᠡᠨ ᠦ ᠣᠳᠣᠨ  ᠢᠶᠠᠷ ᠱᠠᠩᠨᠠᠵᠠᠢ᠃ ᠡᠬᠢᠨ ᠦ ᠤᠳᠠᠭ᠎ᠠ ᠡᠯᠪᠡᠭᠳᠣᠷᠵᠢ 8 ᠰᠠᠷ᠎ᠠ ᠶᠡᠷᠦᠩᠬᠡᠢ ᠰᠠᠶᠢᠳ ᠢᠶᠠᠷ ᠠᠵᠢᠯᠯᠠᠭᠰᠠᠨ ᠪᠥᠭᠡᠳ ᠠᠷᠠᠳᠴᠢᠯᠠᠭᠰᠠᠨ ᠨᠠᠮ ᠤᠨ ᠳᠠᠷᠤᠭ᠎ᠠ ᠶᠢᠨ ᠭᠡᠰᠢᠭᠦᠨ 1998 ᠣᠨ ᠤ 12 ᠍ ᠳᠦᠭᠡᠷ ᠰᠠᠷ᠎ᠠ ᠠᠴᠠ ᠦᠷᠭᠦᠯᠵᠢᠯᠡᠭᠦᠯᠦᠨ ᠲᠤᠰ ᠠᠯᠪᠠᠨ ᠲᠤᠰᠢᠶᠠᠯ ᠢ ᠬᠠᠰᠢᠵᠠᠢ᠃

ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠡᠯᠪᠡᠭᠳᠣᠷᠵᠢ ᠬᠣᠶᠠᠳ᠋ᠡᠬᠢ ᠤᠳᠠᠭ᠎ᠠ ᠪᠠᠨ 2004 ᠣᠨ ᠤ 8 ᠍ ᠳᠦᠭᠡᠷ ᠰᠠᠷ᠎ᠠ ᠶᠢᠨ 20 ᠍ ᠳᠦ ᠰᠣᠩᠭᠣᠭᠳᠠᠭᠰᠠᠨ᠃ ᠡᠨᠡ ᠨᠢ ᠤᠯᠤᠰ ᠲᠥᠷᠥ ᠶᠢᠨ ᠬᠣᠶᠠᠷ ᠭᠣᠣᠯ ᠡᠰᠡᠷᠬᠦ᠂ ᠲᠡᠰᠡᠷᠬᠦ ᠬᠦᠴᠦ ᠪᠣᠯᠬᠤ ᠠᠷᠠᠳᠴᠢᠯᠠᠭᠰᠠᠨ ᠨᠠᠮ ᠤᠳ ᠤᠨ ᠡᠪᠰᠡᠯ᠂ ᠡᠺᠰ ᠺᠣᠮᠮᠤᠶᠢᠨᠢᠰᠲ ᠮᠣᠩᠭᠣᠯ ᠠᠷᠠᠳ ᠤᠨ ᠬᠤᠪᠢᠰᠬᠠᠯᠲᠤ ᠨᠠᠮ ᠬᠣᠶᠠᠷ 2004 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠲᠡᠩᠴᠡᠭᠦᠦ ᠰᠠᠭᠤᠳᠠᠯ ᠠᠪᠤᠭᠰᠠᠨ ᠤ ᠳᠠᠷᠠᠭ᠎ᠠ ᠪᠤᠢ ᠪᠣᠯᠤᠭᠰᠠᠨ ᠶᠡᠬᠡ ᠡᠪᠰᠡᠯ ᠦᠨ ᠵᠠᠰᠠᠭ ᠤᠨ ᠭᠠᠵᠠᠷ ᠪᠠᠶᠢᠪᠠ᠃

ᠬᠣᠶᠠᠳ᠋ᠡᠬᠢ ᠤᠳᠠᠭ᠎ᠠ ᠪᠠᠨ ᠶᠡᠷᠦᠩᠬᠡᠢ ᠰᠠᠶᠢᠳ ᠢᠶᠠᠷ ᠠᠵᠢᠯᠯᠠᠬᠤ ᠳᠤ ᠪᠠᠨ ᠡᠯᠪᠡᠭᠳᠣᠷᠵᠢ ᠮᠣᠩᠭᠣᠯ ᠤᠨ ᠬᠥᠭᠵᠢᠯᠳᠦ ᠬᠠᠮᠤᠭ ᠤᠨ ᠲᠣᠮᠣ ᠲᠡᠬᠡᠬᠡᠷ ᠡ ᠰᠠᠭᠠᠳ ᠪᠣᠯᠤᠭᠠᠳ ᠪᠤᠢ ᠠᠪᠯᠢᠭᠠᠯ ᠶᠠᠳᠠᠭᠤᠷᠠᠯᠲᠠᠢ ᠳᠠᠶᠢᠨ ᠵᠠᠷᠯᠠᠭᠰᠠᠨ ᠶᠤᠮ᠃ ᠤᠯᠤᠰ ᠤᠨ ᠶᠡᠬᠡ ᠬᠤᠷᠠᠯ ᠤᠨ ᠬᠠᠪᠤᠷ ᠤᠨ ᠴᠤᠭᠯᠠᠭᠠᠨ ᠤ ᠨᠡᠭᠡᠭᠡᠯᠲᠡ ᠳᠡᠭᠡᠷ᠎ᠡ 2005 ᠣᠨ ᠤ 4 ᠍ ᠳᠦᠭᠡᠷ ᠰᠠᠷ᠎ᠠ ᠶᠢᠨ 8 ᠍ ᠳᠦ "ᠪᠢᠳᠡ ᠠᠪᠯᠢᠭᠠᠯ ᠤᠨ ᠤᠴᠢᠷ ᠰᠢᠯᠲᠠᠭᠠᠨ᠂ ᠡᠬᠢ ᠶᠢ ᠮᠡᠳᠡᠵᠦ᠂ ᠠᠪᠯᠢᠭᠠᠯ ᠢ ᠪᠤᠯᠳᠠ ᠴᠤᠬᠢᠨ᠎ᠠ" ᠭᠡᠵᠦ ᠬᠡᠯᠡᠭᠰᠡᠨ ᠰᠢᠭ ᠢᠶᠡᠨ ᠡᠯᠪᠡᠭᠳᠣᠷᠵᠢ ᠠᠪᠯᠢᠭᠠᠯ ᠤᠨ ᠡᠰᠡᠷᠬᠦ ᠰᠢᠷᠭᠠᠭᠤ ᠲᠡᠮᠡᠴᠡᠭᠰᠡᠨ᠃

2005 ᠣᠨ ᠤ 11 ᠍ ᠳᠦᠭᠡᠷ ᠰᠠᠷ᠎ᠠ ᠶᠢᠨ 21 ᠍ ᠳᠦ ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠵᠣᠷᠵᠢ ᠤᠣᠺᠧᠷ ᠪᠤᠱ ᠮᠣᠩᠭᠣᠯ ᠤᠯᠤᠰ ᠲᠤ ᠠᠶᠢᠯᠴᠢᠯᠠᠵᠤ᠂ ᠲᠥᠷᠥ ᠶᠢᠨ ᠣᠷᠳᠣᠨ ᠳᠤ ᠮᠣᠩᠭᠣᠯᠴᠤᠳ ᠲᠤ ᠬᠠᠨᠳᠤᠨ ᠦᠭᠡ ᠬᠡᠯᠡᠬᠦ ᠳᠦ ᠪᠡᠨ ᠮᠣᠩᠭᠣᠯ ᠤᠨ ᠠᠷᠠᠳᠴᠢᠯᠠᠯ ᠢ᠂ ᠮᠣᠩᠭᠣᠯ ᠳᠤ ᠠᠷᠠᠳᠴᠢᠯᠠᠯ ᠠᠪᠴᠢᠷᠠᠭᠰᠠᠨ ᠵᠠᠯᠠᠭᠤᠰ ᠤᠨ ᠦᠢᠯᠡ ᠬᠡᠷᠡᠭ ᠢ ᠮᠠᠭᠲᠠᠵᠤ᠂ ᠡᠨᠳᠡ ᠮᠣᠩᠭᠣᠯ ᠤᠯᠤᠰ ᠤᠨ ᠶᠡᠷᠦᠩᠬᠡᠢ ᠰᠠᠶᠢᠳ ᠡᠯᠪᠡᠭᠳᠣᠷᠵᠢ ᠶᠢ ᠣᠨᠴᠠᠯᠠᠨ ᠳᠤᠷᠠᠳᠤᠭᠰᠠᠨ ᠶᠤᠮ᠃ [3]
ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠵ᠂ ᠸ᠂ ᠪᠤᠱ᠂ ᠮᠣᠩᠭᠣᠯ ᠤᠯᠤᠰ ᠤᠨ ᠶᠡᠷᠦᠩᠬᠡᠢ ᠰᠠᠶᠢᠳ ᠴ᠂ ᠡᠯᠪᠡᠭᠳᠣᠷᠵᠢ ᠨᠠᠷ ᠤᠯᠠᠭᠠᠨᠪᠠᠭᠠᠲᠤᠷ ᠬᠣᠲᠠ ᠵᠢᠨ  ᠲᠥᠷᠥ ᠶᠢᠨ ᠣᠷᠳᠣᠨ ᠳᠤ ᠠᠭᠤᠯᠵᠠᠪᠠ᠃ 2005.11.21

ᠠᠮᠧᠷᠢᠺᠠ ᠶᠢᠨ ᠨᠢᠭᠡᠳᠦᠭᠰᠡᠨ ᠤᠯᠤᠰ ᠤᠨ MBC ᠲᠧᠯᠸᠢᠰ ᠤᠨ ᠰᠤᠨᠢᠨ ᠮᠡᠳᠡᠬᠡᠨ  ᠤ ᠨᠡᠪᠲᠡᠷᠡᠭᠦᠯᠭᠡ ᠳᠦ ᠥᠭᠭᠦᠭᠰᠡᠨ ᠶᠠᠷᠢᠯᠴᠠᠯᠭ᠎ᠠ ᠳᠤ ᠪᠠᠨ ᠡᠯᠪᠡᠭᠳᠣᠷᠵᠢ "ᠪᠢᠳᠡ (ᠮᠣᠩᠭᠣᠯ ᠤᠯᠤᠰ) ᠲᠧᠷᠷᠣᠷᠢᠰᠮ(terrorism) ᠲᠠᠢ ᠲᠡᠮᠡᠴᠡᠬᠦ ᠳᠡᠯᠡᠬᠡᠢ ᠶᠢᠨ ᠬᠦᠴᠦ ᠴᠢᠷᠮᠠᠶᠢᠯᠲᠠ ᠳᠤ ᠬᠤᠪᠢ ᠨᠡᠮᠡᠷᠢ ᠪᠡᠨ ᠣᠷᠣᠭᠤᠯᠬᠤ ᠶᠢ ᠴᠢᠷᠮᠠᠶᠢᠵᠤ ᠪᠠᠶᠢᠨ᠎ᠠ" ᠭᠡᠵᠡᠢ᠃ [4] ᠬᠡᠳᠦᠢ ᠲᠡᠶᠢᠮᠦ ᠪᠣᠯᠪᠠᠴᠤ ᠲᠡᠷᠡᠪᠡᠷ "ᠲᠧᠷᠷᠣᠷᠢᠰᠮ ᠲᠠᠢ ᠲᠡᠮᠡᠴᠡᠬᠦ" ᠨᠡᠷ᠎ᠡ ᠪᠡᠷ ᠤᠯᠤᠰ ᠣᠷᠣᠨ ᠨᠤᠭᠤᠳ ᠥᠪᠡᠷ ᠦᠨ ᠠᠷᠠᠳ ᠲᠦᠮᠡᠨ ᠦ ᠡᠰᠡᠷᠬᠦ "ᠡᠷᠡᠰ ᠰᠢᠷᠦᠭᠦᠨ ᠠᠷᠭ᠎ᠠ ᠬᠡᠮᠵᠢᠶ᠎ᠡ" ᠠᠪᠬᠤ ᠶᠢᠨ ᠡᠰᠡᠷᠬᠦ ᠠᠩᠬᠠᠷᠠᠭᠤᠯᠤᠭᠰᠠᠨ᠃ ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠵᠣᠨ ᠹ᠂ ᠺᠧᠨᠨᠡᠳ᠋ "ᠪᠧᠷᠯᠢᠨ ᠤ ᠢᠷᠭᠡᠨ" ᠪᠣᠯᠤᠭᠰᠠᠨ  ᠤ ᠠᠳᠠᠯᠢ "2001 ᠣᠨ ᠤ 9 ᠍ ᠳᠦᠭᠡᠷ ᠰᠠᠷ᠎ᠠ ᠶᠢᠨ 11 ᠍ ᠦ ᠳᠠᠷᠠᠭ᠎ᠠ ᠪᠢᠳᠡ ᠪᠥᠭᠥᠳᠡᠭᠡᠷ ᠢᠶᠡᠨ ᠨᠢᠤ᠋ -ᠶᠣᠷᠺᠴᠤᠳ ᠪᠣᠯᠤᠭᠰᠠᠨ" ᠭᠡᠵᠦ ᠡᠯᠪᠡᠭᠳᠣᠷᠵᠢ 2001 ᠣᠨ ᠤ 10 ᠍ ᠳᠦᠭᠡᠷ ᠰᠠᠷ᠎ᠠ ᠳᠤ ᠨᠢᠤ᠋-ᠶᠤᠷᠺ ᠬᠣᠳᠠ ᠳᠤ ᠪᠣᠯᠤᠭᠰᠠᠨ ᠲᠥᠷᠥ ᠶᠢᠨ ᠪᠤᠰᠤ ᠪᠠᠶᠢᠭᠤᠯᠤᠯᠭ᠎ᠠ ᠶᠢᠨ ᠳᠡᠯᠡᠬᠡᠢ ᠶᠢᠨ ᠨᠡᠶᠢᠭᠡᠮᠯᠢᠭ ᠦᠨ "ᠳᠡᠯᠡᠬᠡᠢ ᠳᠠᠬᠢ ᠬᠦᠴᠦᠷᠬᠡᠶᠢᠯᠡᠯ: ᠬᠢᠮᠤᠷᠠᠯ ᠪᠠ ᠢᠲᠡᠭᠡᠯ ᠨᠠᠶᠢᠳᠠᠪᠤᠷᠢ" ᠬᠤᠷᠠᠯ ᠳᠡᠭᠡᠷ᠎ᠡ ᠣᠯᠠᠨ ᠤᠯᠤᠰ ᠤᠨ ᠲᠥᠷᠥ ᠶᠢᠨ ᠪᠤᠰᠤ ᠪᠠᠶᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠤᠭᠤᠳ᠂ ᠤᠯᠤᠰ ᠣᠷᠣᠨ ᠤ ᠤᠳᠤᠷᠢᠳᠤᠭᠴᠢᠳ ᠪᠠᠶᠢᠭᠰᠠᠨ ᠬᠦᠮᠦᠰ ᠲᠦ ᠬᠠᠨᠳᠤᠨ ᠬᠡᠯᠡᠭᠰᠡᠨ ᠪᠠᠶᠢᠨ᠎ᠠ᠃ [5]

ᠡᠯᠪᠡᠭᠳᠣᠷᠵᠢ ᠮᠣᠩᠭᠣᠯ ᠣᠷᠣᠨ ᠢ ᠴᠥᠯᠵᠢᠯᠲᠡ ᠡᠴᠡ ᠰᠡᠷᠭᠡᠶᠢᠯᠡᠵᠦ᠂ ᠪᠠᠶᠢᠭᠠᠯᠢ ᠪᠠᠨ ᠬᠠᠮᠠᠭᠠᠯᠠᠵᠤ᠂ ᠠᠭᠠᠷ ᠤᠨ ᠪᠣᠬᠢᠷᠳᠤᠯ ᠢ ᠪᠠᠭᠠᠰᠬᠠᠬᠤ ᠶᠢᠨ ᠲᠤᠯᠠᠳᠠ ᠮᠣᠳᠣ ᠲᠠᠷᠢᠬᠤ ᠨᠣᠭᠣᠭᠠᠨ ᠬᠡᠷᠡᠮ ᠬᠥᠲᠥᠯᠪᠦᠷᠢ ᠰᠠᠨᠠᠭᠠᠴᠢᠯᠠᠵᠠᠢ᠃

ᠴ᠂ ᠡᠯᠪᠡᠭᠳᠣᠷᠵᠢ ᠧᠦ᠋ᠷᠣᠫᠠ ᠶᠢᠨ ᠬᠣᠯᠪᠣᠭ᠎ᠠᠲᠠᠢ ᠴᠢᠯᠦᠭᠡᠲᠦ ᠬᠤᠳᠠᠯᠳᠤᠭᠠᠨ ᠤ ᠭᠡᠷ᠎ᠡ ᠪᠠᠶᠢᠭᠤᠯᠵᠤ᠂ ᠮᠣᠩᠭᠣᠯ ᠤᠨ ᠪᠦᠬᠦ ᠪᠦᠲᠦᠭᠡᠭᠳᠡᠬᠦᠨ  ᠢ ᠭᠠᠳᠠᠭᠠᠳᠤ  ᠳᠤ ᠭᠠᠷᠭᠠᠬᠤ ᠤᠯᠤᠰ ᠤᠳ ᠲᠤ ᠲᠠᠲᠠᠪᠤᠷᠢᠦᠬᠡᠢ ᠤᠷᠤᠭᠤᠯᠵᠤ ᠪᠤᠯᠭᠠᠬᠤ ᠪᠣᠯᠤᠭᠰᠠᠨ᠃ ᠲᠡᠷᠡᠪᠡᠷ ᠮᠥᠨ ᠳᠣᠲᠣᠭᠠᠳᠤ ᠶᠢᠨ ᠦᠢᠯᠡᠳᠪᠦᠷᠢᠯᠡᠭᠴᠢ  ᠪᠡᠨ ᠢᠳᠡᠪᠬᠢᠲᠡᠢ ᠳᠡᠮᠵᠢᠭᠰᠡᠨ ᠶᠤᠮ᠃ ᠲᠡᠭᠦᠨᠴᠢᠯᠡᠨ ᠳᠣᠲᠣᠭᠠᠳᠤ ᠶᠢᠨ ᠦᠢᠯᠡᠳᠪᠦᠷᠢᠯᠡᠭᠴᠢᠳ ᠪᠦᠲᠦᠭᠡᠭᠳᠡᠬᠦᠨ᠂ ᠦᠢᠯᠡᠴᠢᠯᠡᠭᠡᠨ ᠳᠦ ᠪᠡᠨ ᠠᠪᠬᠤ ᠶᠣᠰᠣᠲᠠᠢ ᠯᠢᠼᠧᠨᠽ(ᠦᠨᠡᠮᠯᠡᠯ᠂license )᠂ ᠪᠣᠯᠤᠨ ᠦᠢᠯᠡᠳᠪᠦᠷᠢᠯᠡᠯ ᠶᠠᠪᠤᠭᠤᠯᠬᠤ ᠳᠤ ᠱᠠᠭᠠᠷᠳᠠᠭᠳᠠᠳᠠᠭ ᠪᠠᠶᠢᠭᠰᠠᠨ ᠬᠡᠲᠦ ᠣᠯᠠᠨ ᠲᠣᠭᠲᠠᠭᠠᠯ ᠵᠢᠷᠤᠮ ᠤᠳ ᠢ ᠡᠯᠪᠡᠭᠳᠣᠷᠵᠢ ᠴᠥᠭᠡᠯᠡᠭᠰᠡᠨ᠃ ᠡᠮᠦᠨ᠎ᠡ ᠨᠢ ᠳᠣᠲᠣᠭᠠᠳᠤ ᠶᠢᠨ ᠦᠢᠯᠡᠳᠪᠦᠷᠢᠯᠡᠭᠴᠢᠳ ᠲᠦ ᠢᠯᠭᠠᠪᠤᠷᠢᠲᠠᠢ ᠬᠠᠨᠳᠤᠨ᠂ ᠴᠥᠭᠡᠨ ᠺᠣᠮᠫᠠᠨᠢ ᠶᠢ "ᠨᠣᠭᠣᠭᠠᠨ ᠭᠡᠷᠡᠯ" ᠍ ᠦᠨ ᠺᠣᠮᠫᠠᠨᠢ ᠨᠤᠭᠤᠳ ᠬᠡᠮᠡᠨ ᠵᠥᠪᠬᠡᠨ ᠲᠡᠳᠡᠭᠡᠷ ᠺᠣᠮᠫᠠᠨᠢ ᠨᠤᠭᠤᠳ ᠭᠠᠶᠢᠯᠢ ᠶᠢᠨ ᠲᠠᠲᠠᠪᠤᠷᠢ ᠦᠭᠡᠢ ᠪᠡᠷ ᠬᠡᠷᠡᠭᠴᠡᠭᠡ ᠲᠡᠢ ᠡᠳ᠋ ᠠᠩᠭᠢ᠂ ᠲᠣᠨᠣᠭ ᠲᠥᠬᠥᠭᠡᠷᠦᠮᠵᠢ ᠢᠮᠫᠣᠷᠲᠯᠠᠳᠠᠭ (import) ᠪᠠᠶᠢᠭᠰᠠᠨ ᠪᠣᠯ ᠡᠯᠪᠡᠭᠳᠣᠷᠵᠢ ᠪᠦᠬᠦ ᠳᠣᠲᠣᠭᠠᠳᠤ ᠶᠢᠨ ᠦᠢᠯᠡᠳᠪᠦᠷᠢᠯᠡᠭᠴᠢᠳ ᠲᠦ ᠪᠦᠭᠦᠳᠡ ᠳᠦ ᠨᠢ ᠢᠵᠢᠯ "ᠨᠣᠭᠣᠭᠠᠨ ᠭᠡᠷᠡᠯ" ᠥᠭᠴᠦ ᠳᠦᠷᠢᠮ ᠵᠢᠷᠤᠮ ᠤᠳ ᠢ ᠥᠭᠡᠷᠡᠴᠢᠯᠡᠭᠰᠡᠨ᠃

ᠴ᠂ ᠡᠯᠪᠡᠭᠳᠣᠷᠵᠢ ᠵᠢᠨ ᠵᠠᠰᠠᠭ ᠤᠨ ᠭᠠᠵᠠᠷ ᠮᠣᠩᠭᠣᠯ ᠣᠷᠣᠨ ᠤ ᠠᠶᠢᠯ ᠪᠦᠷᠢ ᠶᠢ ᠺᠣᠮᠫᠢᠦ᠋ᠲ᠋ᠷᠵᠢᠭᠦᠯᠵᠦ᠂ 1 ᠲᠥᠭᠦᠷᠢᠭᠭᠡᠨ  ᠦᠨᠡᠲᠡᠢ ᠢᠨᠲ᠋ᠧᠷᠨᠧᠲ ᠵᠢᠡᠷ ᠬᠠᠩᠭᠠᠬᠤ ᠠᠵᠢᠯ ᠢ ᠰᠠᠨᠠᠭᠠᠴᠢᠯᠠᠨ ᠡᠬᠢᠯᠡᠭᠦᠯᠦᠭᠰᠡᠨ ᠵᠢᠡᠷ ᠰᠠᠶ᠋ᠢᠬᠠᠨ ᠢ ᠬᠦᠷᠲᠡᠯ᠎ᠡ ᠬᠦᠮᠦᠨ ᠠᠮᠠ ᠶᠢᠨ ᠴᠥᠭᠡᠬᠡᠨ ᠬᠤᠪᠢ ᠵᠢᠨ ᠬᠡᠷᠡᠭᠯᠡᠭᠡ ᠪᠠᠶᠢᠭᠰᠠᠨ ᠺᠣᠮᠫᠢᠦ᠋ᠲ᠋ᠧᠷ ᠪᠦᠬᠦ ᠨᠡᠶᠢᠲᠡ ᠳᠦ ᠬᠦᠷᠲᠡᠭᠡᠮᠵᠢᠲᠡᠢ ᠪᠣᠯᠬᠤ ᠡᠭᠦᠳᠡ ᠬᠠᠭᠠᠯᠭ᠎ᠠ ᠨᠡᠭᠡᠭᠡᠭᠳᠡᠭᠰᠡᠨ᠃

ᠴ᠂ ᠡᠯᠪᠡᠭᠳᠣᠷᠵᠢ ᠲᠧᠭᠨᠢᠭ ᠮᠡᠷᠭᠡᠵᠢᠯ ᠦᠨ ᠰᠤᠷᠭᠠᠭᠤᠯᠢ᠂ ᠲᠤᠰᠬᠠᠢ ᠮᠡᠷᠭᠡᠵᠢᠯ ᠢ ᠬᠦᠴᠦᠲᠡᠢ ᠳᠡᠮᠵᠢᠬᠦ ᠵᠠᠮ ᠢᠶᠠᠷ ᠠᠵᠢᠯ ᠦᠬᠡᠢ᠋ᠳᠡᠯ ᠢ ᠶᠡᠬᠡᠬᠡᠨ ᠪᠠᠭᠤᠷᠠᠭᠤᠯᠤᠭᠰᠠᠨ ᠪᠢᠯᠡ᠃ ᠳᠤᠮᠳᠠ ᠰᠤᠷᠭᠠᠭᠤᠯᠢ ᠳᠤ ᠣᠷᠣᠰ ᠬᠡᠯᠡᠵᠢ ᠨᠢᠬᠡᠳᠤᠬᠡᠷ ᠣᠷᠣᠨ ᠳᠤ ᠠᠩᠭᠯᠢ ᠬᠡᠯᠡᠵᠢ ᠬᠣᠶᠠᠳ᠋ᠡᠬᠢ ᠬᠡᠯᠡ ᠪᠣᠯᠭᠠᠨ ᠥᠭᠡᠷᠡᠴᠢᠯᠡᠵᠦ᠂ ᠮᠣᠩᠭᠣᠯ ᠤᠨ ᠡᠳ᠋ ᠍ ᠦᠨ ᠵᠠᠰᠠᠭ ᠲᠤ ᠲᠡᠦᠬᠡᠨ ᠳᠦ ᠬᠠᠮᠤᠭ ᠤᠨ ᠶᠡᠬᠡ ᠣᠷᠣᠯᠭ᠎ᠠ ᠴᠤᠭᠯᠠᠭᠤᠯᠵᠤ᠂ ᠪᠦᠬᠦ ᠬᠡᠦᠬᠡᠳ ᠲᠦ ᠬᠡᠦᠬᠡᠳ ᠦᠨ ᠮᠥᠩᠭᠥ ᠣᠯᠭᠣᠬᠤ ᠠᠵᠢᠯ ᠢ ᠡᠬᠢᠯᠡᠭᠦᠯᠵᠦ᠂ ᠥᠨᠳᠥᠷ ᠨᠠᠰᠤᠲᠠᠨ ᠤ ᠲᠡᠳᠬᠦᠪᠦᠷᠢ ᠶᠢ ᠥᠨᠳᠥᠷ ᠬᠤᠪᠢᠶᠠᠷᠢ ᠨᠡᠮᠡᠭᠳᠡᠭᠦᠯᠦᠭᠰᠡᠨ᠃

ᠬᠠᠷᠠᠬᠣᠷᠢᠨ ᠰᠤᠮᠤ ᠶᠢ ᠰᠤᠶᠤᠯ ᠤᠨ ᠪᠣᠯᠤᠨ ᠠᠶᠠᠯᠠᠯ ᠵᠢᠭᠤᠯᠴᠢᠯᠠᠯ ᠤᠨ ᠲᠥᠪ ᠬᠣᠲᠠ ᠪᠣᠯᠭᠠᠨ ᠬᠥᠭᠵᠢᠭᠦᠯᠬᠦ ᠰᠠᠨᠠᠭᠠᠴᠢᠯᠭ᠎ᠠ ᠳᠤ ᠲᠡᠷᠡᠪᠡᠷ ᠵᠢᠩ ᠲᠡᠢ ᠡᠭᠦᠷᠭᠡ ᠭᠦᠢᠴᠡᠳᠭᠡᠵᠦ ᠢᠷᠡᠯ᠎ᠡ᠃

ᠡᠯᠪᠡᠭᠳᠣᠷᠵᠢ ᠲᠥᠷᠥ ᠶᠢᠨ ᠬᠢᠨᠠᠯᠲᠠ ᠲᠠᠢ ᠮᠣᠩᠭᠣᠯ ᠤᠨ ᠦᠨᠳᠦᠰᠦᠨ ᠦ ᠲᠧᠯᠸᠢᠰᠮᠣᠩᠭᠣᠯ ᠤᠨ ᠦᠨᠳᠦᠰᠦᠨ ᠦ ᠷᠠᠳᠢᠣ᠋ ᠶᠢ ᠣᠯᠠᠨ ᠨᠡᠶᠢᠲᠡ ᠶᠢᠨ ᠰᠲ᠋ᠠᠲ᠋ᠦ᠋ᠰ ᠲᠠᠢ᠂ ᠲᠥᠷᠥ ᠶᠢᠨ ᠬᠢᠨᠠᠯᠲᠠ ᠦᠭᠡᠢ ᠪᠣᠯᠭᠠᠬᠤ ᠬᠠᠤᠯᠢ ᠶᠢ ᠰᠠᠨᠠᠭᠠᠴᠢᠯᠠᠨ᠂ ᠤᠯᠤᠰ ᠤᠨ ᠶᠡᠬᠡ ᠬᠤᠷᠠᠯ ᠤᠨ ᠳᠠᠷᠤᠭ᠎ᠠ ᠲᠠᠢ ᠬᠠᠮᠲᠤᠷᠠᠨ ᠤᠯᠤᠰ ᠤᠨ ᠶᠡᠬᠡ ᠬᠤᠷᠠᠯ ᠳᠦ ᠣᠷᠣᠭᠤᠯᠤᠭᠰᠠᠨ ᠨᠢ ᠬᠠᠤᠯᠢ ᠪᠣᠯᠤᠨ 2005 ᠣᠨ ᠳᠤ ᠪᠠᠲᠤᠯᠠᠭᠳᠠᠭᠰᠠᠨ᠃

ᠨᠢᠭᠡᠳᠦᠭᠰᠡᠨ ᠦᠨᠳᠦᠰᠦᠳᠡᠨ ᠦ ᠪᠠᠶᠢᠭᠤᠯᠤᠯᠭ᠎ᠠ ᠶᠢᠨ ᠪᠠᠶᠢᠭᠠᠯᠢ ᠬᠠᠮᠠᠭᠠᠯᠠᠬᠤ ᠪᠠᠶᠢᠭᠤᠯᠤᠯᠭ᠎ᠠ ᠶᠢᠨ "ᠳᠡᠯᠡᠬᠡᠢ ᠶᠢᠨ ᠠᠪᠤᠷᠭᠤ ᠱᠠᠩᠨᠠᠯ ᠢᠶᠠᠷ ᠴ᠂ᠡᠯᠪᠡᠭᠳᠣᠷᠵᠢ ᠱᠠᠩᠨᠠᠭᠳᠠᠵᠤ ᠪᠠᠶᠢᠭ᠎ᠠ ᠨᠢ 2012 ᠣᠨ ᠤ 6 ᠰᠠᠷ᠎ᠠ ᠶᠢᠨ 4

ᠡᠯᠪᠡᠭᠳᠣᠷᠵᠢ ᠶᠢᠨ ᠵᠠᠰᠠᠭ ᠤᠨ ᠭᠠᠵᠠᠷ ᠰᠦᠬᠡᠪᠠᠭᠠᠲᠤᠷ ᠤᠨ ᠲᠠᠯᠠᠪᠠᠢ ᠳᠤ ᠵᠢᠭ᠌ᠰᠠᠭᠠᠯ ᠴᠤᠭᠯᠠᠭᠠᠨ ᠴᠢᠯᠦᠭᠡᠲᠡᠢ ᠵᠣᠬᠢᠶᠠᠨ ᠪᠠᠶᠢᠭᠤᠯᠬᠤ ᠶᠢ ᠵᠥᠪᠰᠢᠶᠡᠷᠡᠨ ᠬᠠᠤᠯᠢᠴᠢᠯᠠᠭᠰᠠᠨ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠳᠦ ᠰᠠᠨᠠᠭᠠᠴᠢᠯᠠᠨ ᠣᠷᠣᠭᠤᠯᠤᠭᠰᠠᠨ ᠨᠢ ᠬᠠᠤᠯᠢ ᠪᠣᠯᠤᠨ ᠪᠠᠲᠤᠯᠠᠭᠳᠠᠭᠰᠠᠨ᠃ ᠡᠮᠦᠨ᠎ᠡ ᠨᠢ ᠰᠦᠬᠡᠪᠠᠭᠠᠲᠤᠷ ᠤᠨ ᠲᠠᠯᠠᠪᠠᠢ ᠳᠡᠭᠡᠷ᠎ᠡ ᠵᠢᠭ᠌ᠰᠠᠭᠠᠯ ᠴᠤᠭᠯᠠᠭᠠᠨ ᠬᠢᠬᠦ ᠨᠢ ᠬᠠᠤᠯᠢ ᠪᠠᠷ ᠵᠥᠪᠰᠢᠶᠡᠷᠡᠭᠳᠡᠭᠡ ᠦᠭᠡᠢ ᠪᠠᠶᠢᠭᠰᠠᠨ ᠶᠤᠮ᠃

ᠬᠣᠶᠠᠳ᠋ᠡᠬᠢ ᠤᠳᠠᠭ᠎ᠠ ᠶᠡᠷᠦᠩᠬᠡᠢ ᠰᠠᠶᠢᠳ ᠢᠶᠠᠷ ᠠᠵᠢᠯᠯᠠᠭᠰᠠᠨ ᠨᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠶᠡᠷᠦᠩᠬᠡᠶᠢᠯᠡᠭᠴᠢ ᠴ᠃ᠡᠯᠪᠡᠭᠳᠣᠷᠵᠢ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠬ᠂ᠺᠯᠢᠨᠳᠣᠨ ᠨᠠᠷ ᠲᠥᠷᠥ ᠶᠢᠨ ᠣᠷᠳᠣᠨ ᠳᠤ ᠠᠭᠤᠯᠵᠠᠪᠠ᠃ 2012 ᠣᠨ ᠤ 7 ᠰᠠᠷ᠎ᠠ ᠶᠢᠨ 9
2004 ᠣᠨ ᠤ ᠤᠯᠤᠰ ᠤᠨ ᠶᠡᠬᠡ ᠬᠤᠷᠠᠯ ᠍ ᠤᠨ ᠰᠣᠩᠭᠣᠭᠤᠯᠢ ᠳᠤ 50% ᠍ ᠵᠢᠨ ᠲᠡᠩᠴᠡᠭᠦᠦ ᠰᠠᠨᠠᠯ ᠠᠪᠤᠭᠰᠠᠨ ᠤ ᠳᠠᠷᠠᠭ᠎ᠠ ᠶᠡᠬᠡ ᠡᠪᠰᠡᠯ ᠦᠨ ᠵᠠᠰᠠᠭ ᠤᠨ ᠭᠠᠵᠠᠷ ᠪᠠᠶᠢᠭᠤᠯᠬᠤ ᠶᠢᠨ ᠲᠤᠯᠠᠳᠠ ᠠᠷᠠᠳᠴᠢᠯᠠᠭᠰᠠᠨ ᠨᠠᠮ ᠮᠣᠩᠭᠣᠯ ᠠᠷᠠᠳ ᠤᠨ ᠬᠤᠪᠢᠰᠬᠠᠯᠲᠤ ᠨᠠᠮ ᠭᠤᠷᠪᠠᠨ ᠭᠡᠷ᠎ᠡ ᠪᠠᠶᠢᠭᠤᠯᠵᠤ 2004 ᠣᠨ ᠳᠤ ᠴ᠂ᠡᠯᠪᠡᠭᠳᠣᠷᠵᠢ ᠶᠡᠬᠡ ᠡᠪᠰᠡᠯ ᠦᠨ ᠵᠠᠰᠠᠭ ᠤᠨ ᠭᠠᠵᠠᠷ ᠤᠨ ᠶᠡᠷᠦᠩᠬᠡᠢ ᠰᠠᠶᠢᠳ ᠢᠶᠠᠷ ᠠᠵᠢᠯᠯᠠᠭᠰᠠᠨ᠃ ᠢᠷᠭᠡᠨ ᠦ ᠬᠥᠳᠡᠯᠭᠡᠭᠡᠨ ᠨᠦᠭᠦᠳ ᠪᠣᠯᠤᠨ ᠮᠣᠩᠭᠣᠯᠴᠤᠳ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠰᠢᠢᠳᠪᠦᠷᠢ ᠶᠢᠨ ᠡᠰᠡᠷᠬᠦ ᠮᠠᠰᠢ ᠣᠯᠠᠨ ᠬᠦᠴᠤᠲᠡᠢ ᠡᠰᠡᠷᠭᠦᠴᠡᠯ ᠦᠨ ᠴᠤᠭᠯᠠᠭᠠᠨ᠂ ᠵᠢᠭ᠌ᠰᠠᠭᠠᠯ ᠬᠢᠭᠰᠡᠨ᠃ [6]

ᠡᠯᠪᠡᠭᠳᠣᠷᠵᠢ ᠶᠢᠨ ᠵᠠᠰᠠᠭ ᠤᠨ ᠭᠠᠵᠠᠷ ᠢ ᠣᠭᠴᠠᠷᠠᠭᠤᠯᠤᠭᠰᠠᠨ ᠰᠢᠯᠲᠠᠭᠠᠨ ᠤ ᠲᠠᠯ ᠠ ᠪᠡᠷ ᠬᠢ ᠠᠰᠠᠭᠤᠯᠲᠠ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠭᠠᠳᠠᠭᠠᠳᠤ ᠶᠢᠨ ᠬᠡᠪᠯᠡᠯ ᠳᠦ ᠬᠠᠷᠢᠭᠤᠯᠬᠤ ᠳᠤ ᠪᠠᠨ "ᠡᠯᠪᠡᠭᠳᠣᠷᠵᠢ ᠠᠪᠯᠢᠭᠠᠯ ᠲᠠᠢ ᠬᠠᠩᠭᠠᠯᠲᠠᠲᠠᠢ ᠲᠡᠮᠡᠴᠡᠵᠦ ᠴᠢᠳᠠᠭ᠎ᠠ ᠦᠭᠡᠢ" ᠭᠡᠰᠡᠨ ᠪᠣᠯ ᠮᠣᠩᠭᠣᠯ ᠠᠷᠠᠳ ᠤᠨ ᠬᠤᠪᠢᠰᠬᠠᠯᠲᠤ ᠨᠠᠮ ᠢ ᠰᠢᠭᠦᠮᠵᠢᠯᠡᠭᠴᠢᠳ ᠬᠡᠯᠡᠬᠦ ᠳᠦ ᠪᠡᠨ "ᠮᠣᠩᠭᠣᠯ ᠠᠷᠠᠳ ᠤᠨ ᠬᠤᠪᠢᠰᠬᠠᠯᠲᠤ ᠨᠠᠮ ᠥᠪᠡᠷ ᠦᠨ ᠬᠢ ᠨᠢ ᠪᠤᠯᠢᠬᠠᠢ᠂ ᠠᠪᠯᠢᠭᠠᠯ ᠢ ᠢᠯᠡᠴᠢᠯᠡᠬᠦ ᠠᠯᠪᠠᠨ ᠶᠣᠰᠣᠨ ᠤ ᠠᠪᠯᠢᠭᠠᠯᠲᠠᠢ ᠬᠣᠯᠪᠣᠭᠳᠠᠭᠰᠠᠨ ᠰᠢᠯᠭᠠᠯᠲᠠ ᠨᠤᠭᠤᠳ ᠢ ᠬᠢᠯᠭᠡᠬᠦ ᠦᠭᠡᠢ ᠶᠢᠨ ᠲᠤᠯᠠᠳᠠ ᠮᠣᠩᠭᠣᠯ ᠠᠷᠠᠳ ᠤᠨ ᠬᠤᠪᠢᠰᠬᠠᠯᠲᠤ ᠨᠠᠮ ᠵᠣᠷᠢᠭᠤᠳᠠ ᠪᠠᠷ ᠡᠯᠪᠡᠭᠳᠣᠷᠵᠢ ᠶᠢᠨ ᠵᠠᠰᠠᠭ ᠤᠨ ᠭᠠᠵᠠᠷ ᠢ ᠤᠷᠢᠳᠴᠢᠯᠠᠨ ᠤᠨᠠᠭᠠᠭᠰᠠᠨ" ᠭᠡᠵᠦ ᠸᠢᠶᠦ᠋ᠰ ᠸᠠᠡᠶᠢᠷ  ᠶᠠᠷᠢᠵᠠᠢ᠃ [7] ᠠᠮᠧᠷᠢᠺᠠ ᠶᠢᠨ ᠨᠢᠭᠡᠳᠦᠭᠰᠡᠨ ᠤᠯᠤᠰ ᠶᠢᠨ ᠣᠯᠠᠨ ᠤᠯᠤᠰ ᠤᠨ ᠬᠥᠭᠵᠢᠯ ᠦᠨ ᠠᠭᠧᠨᠲᠯᠢᠭ USAID ᠍  ᠲᠠᠶᠢᠯᠠᠨᠳ᠋  ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠥᠨᠳᠥᠷ ᠠᠯᠪᠠᠨ ᠲᠤᠰᠢᠶᠠᠯᠲᠠᠨ ᠨᠤᠭᠤᠳ ᠠᠪᠯᠢᠭᠠᠯ ᠳᠤ ᠭᠦᠨᠵᠡᠭᠡᠢ ᠬᠤᠳᠬᠤᠯᠳᠤᠭᠰᠠᠨ ᠭᠡᠵᠦ ᠣᠨᠴᠠᠯᠠᠨ ᠲᠡᠮᠳᠡᠭᠯᠡᠭᠰᠡᠨ ᠪᠠᠶᠢᠨ᠎ᠠ᠃ [8] ᠡᠯᠪᠡᠭᠳᠣᠷᠵᠢ ᠡᠰᠡᠷᠭᠦ ᠪᠡᠷ ᠨᠢ ᠠᠪᠯᠢᠭᠠᠯᠲᠠᠢ ᠬᠠᠲᠠᠭᠤ ᠲᠡᠮᠡᠴᠡᠵᠦ ᠪᠠᠶᠢᠪᠠ᠃ [9]

ᠮᠣᠩᠭᠣᠯ ᠠᠷᠠᠳ ᠤᠨ ᠬᠤᠪᠢᠰᠬᠠᠯᠲᠤ ᠨᠠᠮ ᠍ ᠠᠴᠠ ᠲᠣᠮᠢᠯᠠᠭᠰᠠᠨ ᠭᠠᠶᠢᠯᠢ ᠶᠢᠨ ᠶᠡᠷᠦᠩᠬᠡᠢ ᠭᠠᠵᠠᠷ ᠤᠨ ᠳᠠᠷᠤᠭ᠎ᠠ ᠬ᠂ ᠪᠠᠭᠠᠲᠤᠷ ᠠᠪᠯᠢᠭᠠᠯ ᠤᠨ ᠦᠢᠯᠡᠳᠦᠯ ᠳᠡᠭᠡᠷ᠎ᠡ ᠪᠡᠨ ᠪᠠᠷᠢᠪᠴᠢᠯᠠᠭᠳᠠᠭᠰᠠᠨ ᠪᠥᠭᠡᠳ ᠲᠡᠷᠡᠪᠡᠷ ᠠᠪᠯᠢᠭᠠᠯ ᠤᠨ ᠰᠦᠯᠵᠢᠶᠡᠨ ᠳᠦ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠤᠳᠤᠷᠢᠳᠤᠯᠭ᠎ᠠ ᠨᠤᠭᠤᠳ ᠲᠡᠭᠦᠨ ᠦ ᠭᠣᠣᠯ ᠰᠦᠯᠪᠡᠭᠡᠲᠡᠨ ᠬᠡᠮᠡᠨ ᠮᠡᠳᠡᠭᠳᠡᠭᠡᠳ ᠪᠠᠶᠢᠭᠰᠠᠨ ᠲᠤᠬᠠᠢ ᠰᠣᠨᠢᠨ ᠬᠡᠪᠯᠡᠯ ᠦᠳ ᠮᠡᠳᠡᠭᠡᠯᠡᠵᠦ ᠪᠠᠶᠢᠭᠰᠠᠨ᠃ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠤᠳᠤᠷᠢᠳᠤᠯᠭ᠎ᠠ ᠬ᠂ ᠪᠠᠭᠠᠲᠤᠷ ᠲᠠᠢ ᠠᠭᠤᠯᠵᠠᠭᠰᠠᠨ ᠤ ᠮᠠᠷᠭᠠᠰᠢ ᠡᠳᠦᠷ ᠮᠣᠩᠭᠣᠯ ᠠᠷᠠᠳ ᠤᠨ ᠬᠤᠪᠢᠰᠬᠠᠯᠲᠤ ᠨᠠᠮ ᠡᠯᠪᠡᠭᠳᠣᠷᠵᠢ ᠶᠢᠨ ᠶᠡᠬᠡ ᠡᠪᠰᠡᠯ ᠦᠨ ᠵᠠᠰᠠᠭ ᠤᠨ ᠭᠠᠵᠠᠷ ᠠᠴᠠ ᠭᠠᠷᠬᠤ ᠰᠢᠢᠳᠪᠦᠷᠢ ᠪᠡᠨ ᠭᠠᠷᠭᠠᠭᠰᠠᠨ᠃ [10] ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠡᠨᠡᠬᠦ ᠰᠢᠢᠳᠪᠦᠷᠢ ᠨᠢ ᠤᠯᠠᠭᠠᠨᠪᠠᠭᠠᠲᠤᠷ ᠬᠣᠲᠠ ᠍ ᠵᠢᠨ ᠰᠠᠩᠭ᠎ᠠ ᠨᠤᠭᠤᠳ ᠲᠤ ᠰᠠᠩᠬᠦᠦ ᠶᠢᠨ ᠰᠢᠯᠭᠠᠯᠲᠠ ᠬᠢᠵᠦ ᠡᠬᠢᠯᠡᠬᠦ ᠲᠡᠢ ᠮᠥᠨ ᠵᠡᠷᠭᠡᠴᠡᠨ ᠲᠣᠬᠢᠶᠠᠭᠰᠠᠨ ᠪᠥᠭᠡᠳ᠂ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠪᠡᠷ ᠰᠡᠭᠦᠯ ᠦᠨ ᠳᠣᠯᠣᠭᠠᠨ ᠵᠢᠯ ᠳᠤ ᠮᠡᠶᠣᠮᠪᠣ ᠶᠢᠨ ᠡᠩᠬᠡᠪᠣᠯᠤᠳ ᠠᠵᠢᠯᠯᠠᠵᠤ ᠪᠠᠶᠢᠬᠤ ᠬᠤᠭᠤᠴᠠᠭᠠᠨ ᠳᠤ ᠭᠠᠵᠠᠷ ᠲᠠᠢ ᠬᠣᠯᠪᠣᠭᠳᠠᠭᠰᠠᠨ ᠠᠪᠯᠢᠭᠠᠯ ᠤᠨ ᠱᠤᠤᠭᠢᠶᠠᠨ ᠳᠡᠭᠡᠳᠦ ᠴᠡᠭ ᠲᠦ ᠪᠡᠨ ᠬᠦᠷᠢᠶ᠎ᠡ ᠳᠦ ᠪᠠᠶᠢᠭᠰᠠᠨ ᠶᠤᠮ᠃ 2006 ᠣᠨ ᠤ 1 ᠍ ᠳᠦᠭᠡᠷ ᠰᠠᠷ᠎ᠠ ᠶᠢᠨ 11 ᠍ ᠳᠦ ᠮᠣᠩᠭᠣᠯ ᠠᠷᠠᠳ ᠤᠨ ᠬᠤᠪᠢᠰᠬᠠᠯ  ᠤᠨ ᠤᠳᠤᠷᠢᠳᠬᠤ ᠵᠥᠪᠯᠡᠯ ᠡᠯᠪᠡᠭᠳᠣᠷᠵᠢ ᠶᠢᠨ ᠵᠠᠰᠠᠭ ᠤᠨ ᠭᠠᠵᠠᠷ ᠢ ᠣᠭᠴᠠᠷᠠᠭᠤᠯᠬᠤ ᠰᠢᠢᠳᠪᠦᠷᠢ ᠭᠠᠷᠭᠠᠵᠤ᠂ ᠡᠭᠦᠨ ᠦ ᠳᠠᠭᠠᠤ 2006 ᠣᠨ ᠤ 1 ᠍ ᠳᠦᠭᠡᠷ ᠰᠠᠷ᠎ᠠ ᠶᠢᠨ 13 ᠍ ᠳᠦ ᠡᠯᠪᠡᠭᠳᠣᠷᠵᠢ ᠶᠢᠨ ᠬᠣᠶᠠᠳ᠋ᠡᠬᠢ ᠵᠠᠰᠠᠭ ᠤᠨ ᠭᠠᠵᠠᠷ ᠢ ᠤᠯᠤᠰ ᠤᠨ ᠶᠡᠬᠡ ᠬᠤᠷᠠᠯ ᠳᠠᠬᠢ ᠮᠣᠩᠭᠣᠯ ᠠᠷᠠᠳ ᠤᠨ ᠬᠤᠪᠢᠰᠬᠠᠯ  ᠤᠨ ᠭᠡᠰᠢᠭᠦᠳ ᠪᠣᠯᠤᠨ ᠠᠷᠠᠳᠴᠢᠯᠠᠭᠰᠠᠨ ᠨᠠᠮ ᠤᠨ ᠳᠥᠷᠪᠡᠨ ᠭᠡᠰᠢᠭᠦᠨ ᠦ ᠰᠠᠨᠠᠯ ᠢᠶᠠᠷ ᠣᠭᠴᠠᠷᠠᠭᠤᠯᠪᠠ᠃

ᠡᠮᠦᠨᠡᠲᠦ ᠰᠤᠳᠠᠨ ᠳᠤ ᠡᠩᠬᠡ ᠶᠢ ᠰᠠᠬᠢᠭᠤᠯᠵᠤ ᠪᠤᠢ ᠮᠣᠩᠭᠣᠯ ᠴᠡᠷᠢᠭ ᠦᠳ᠂ ᠨᠢᠭᠡᠳᠦᠭᠰᠡᠨ ᠦᠨᠳᠦᠰᠦᠳᠡᠨ ᠦ ᠪᠠᠶᠢᠭᠤᠯᠤᠯᠭ᠎ᠠ ᠵᠢᠨ ᠡᠮᠦᠨᠡᠲᠦ ᠰᠤᠳᠠᠨ ᠳᠠᠬᠢ ᠲᠤᠰᠬᠠᠢ ᠠᠯᠪᠠ᠂ ᠡᠮᠦᠨᠡᠲᠦ ᠰᠤᠳᠠᠨ ᠤ ᠲᠥᠷᠥ ᠵᠠᠰᠠᠭ ᠤᠨ ᠬᠢᠨ᠂ ᠴ᠂ ᠡᠯᠪᠡᠭᠳᠣᠷᠵᠢ ᠭᠣᠣᠯ ᠳᠤ ᠨᠢ᠂ ᠡᠮᠦᠨᠡᠲᠦ ᠰᠤᠳᠠᠨ ᠳᠤ᠃2013.2.15

ᠡᠯᠪᠡᠭᠳᠣᠷᠵᠢ ᠶᠢᠨ "ᠪᠢᠳᠡ (ᠠᠷᠠᠳᠴᠢᠯᠠᠯ ᠢ ᠳᠡᠮᠵᠢᠭᠴᠢᠳ) ᠣᠯᠠᠭᠤᠯᠠ ᠪᠠᠨ ᠪᠣᠯᠤᠭᠠᠳ ᠡᠷᠭᠢᠵᠦ ᠢᠷᠡᠨ᠎ᠡ" ᠬᠡᠮᠡᠬᠦ ᠠᠯᠳᠠᠷᠲᠤ ᠠᠮᠠᠯᠠᠯᠲᠠ ᠪᠠᠨ ᠬᠣᠶᠠᠳ᠋ᠡᠬᠢ ᠤᠳᠠᠭ᠎ᠠ ᠪᠠᠨ ᠤᠯᠤᠰ ᠤᠨ ᠶᠡᠬᠡ ᠬᠤᠷᠠᠯ ᠤᠨ ᠶᠡᠨᠳᠡᠷ ᠳᠡᠭᠡᠷ᠎ᠡ ᠡᠴᠡ ᠵᠠᠰᠠᠭ ᠤᠨ ᠭᠠᠵᠠᠷ ᠢ ᠨᠢ ᠤᠨᠠᠭᠠᠭᠰᠠᠨ ᠤ ᠳᠠᠷᠠᠭ᠎ᠠ ᠬᠡᠯᠡᠭᠰᠡᠨ᠃ ᠲᠡᠷᠡᠪᠡᠷ ᠡᠨᠡ ᠠᠮᠠᠯᠠᠯᠲᠠ ᠶᠢ ᠠᠩᠬ᠎ᠠ 1994 ᠣᠨ ᠳᠤ ᠤᠯᠤᠰ ᠤᠨ ᠶᠡᠬᠡ ᠬᠤᠷᠠᠯ ᠤᠨ 76 ᠭᠡᠰᠢᠭᠦᠨ ᠦ 70 ᠨᠢ ᠮᠣᠩᠭᠣᠯ ᠠᠷᠠᠳ ᠤᠨ ᠬᠤᠪᠢᠰᠬᠠᠯ ᠡᠴᠡ ᠰᠣᠩᠭᠣᠭᠳᠠᠭᠰᠠᠨ ᠭᠡᠰᠢᠭᠦᠳ ᠪᠠᠶᠢᠵᠤ ᠲᠡᠳᠡ ᠡᠯᠪᠡᠭᠳᠣᠷᠵᠢ ᠶᠢᠨ  ᠠᠷᠠᠳᠴᠢᠯᠠᠭᠰᠠᠨ ᠪᠣᠳᠣᠯᠭ᠎ᠠ ᠶᠢ ᠠᠰᠤᠷᠤ ᠶᠡᠬᠡ ᠡᠰᠡᠷᠭᠦᠴᠡᠵᠦ ᠪᠠᠶᠢᠬᠤ ᠦᠶ ᠡ  ᠳᠤ ᠤᠯᠤᠰ ᠤᠨ ᠶᠡᠬᠡ ᠬᠤᠷᠠᠯ ᠤᠨ ᠭᠡᠰᠢᠭᠦᠨ ᠡᠴᠡ ᠲᠠᠲᠠᠭᠠᠯᠵᠠᠬᠤ ᠳᠤ ᠪᠠᠨ ᠬᠡᠯᠡᠭᠰᠡᠨ ᠶᠤᠮ᠃ ᠡᠯᠪᠡᠭᠳᠣᠷᠵᠢ ᠠᠮᠠᠯᠠᠯᠲᠠ ᠪᠠᠨ ᠪᠡᠶᠡᠯᠡᠭᠦᠯᠵᠦ ᠠᠷᠠᠳᠴᠢᠯᠠᠭᠰᠠᠨ ᠨᠠᠮ᠂ ᠲᠡᠭᠦᠨ ᠦ "ᠠᠷᠠᠳᠴᠢᠯᠠᠭᠰᠠᠨ ᠬᠣᠯᠪᠣᠭ᠎ᠠ ᠡᠪᠰᠡᠯ" ᠍ ᠢ ᠤᠳᠤᠷᠢᠳᠤᠯᠴᠠᠵᠤ᠂ ᠲᠤᠰ ᠡᠪᠰᠡᠯ 1996 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠢᠯᠠᠭᠰᠠᠨ ᠪᠢᠯᠡ᠃ 2005 ᠣᠨ ᠤ 8 ᠳ᠋ᠤᠭᠠᠷ ᠰᠠᠷ᠎ᠠ ᠳᠤ ᠪᠣᠯᠤᠭᠰᠠᠨ ᠤᠯᠤᠰ ᠤᠨ ᠶᠡᠬᠡ ᠬᠤᠷᠠᠯ ᠶᠢᠨ 65 ᠍ ᠳᠦᠭᠡᠷ ᠲᠣᠭᠣᠷᠢᠭ ᠤᠨ ᠨᠥᠬᠥᠨ ᠰᠣᠩᠭᠣᠭᠤᠯᠢ ᠳᠤ ᠠᠷᠠᠳᠴᠢᠯᠠᠭᠰᠠᠨ ᠨᠠᠮ ᠠᠴᠠ ᠴᠠᠬᠢᠶ ᠠ ᠶᠢᠨ ᠡᠯᠪᠡᠭᠳᠣᠷᠵᠢ᠂ ᠮᠣᠩᠭᠣᠯ ᠠᠷᠠᠳ ᠤᠨ ᠬᠤᠪᠢᠰᠬᠠᠯᠲᠤ ᠨᠠᠮ ᠠᠴᠠ ᠮᠡᠶᠣᠮᠪᠣ ᠶᠢᠨ ᠡᠩᠬᠡᠪᠣᠯᠤᠳ ᠨᠠᠷ ᠪᠣᠯᠤᠨ ᠪᠤᠰᠤᠳ ᠨᠠᠮ ᠠᠴᠠ ᠪᠣᠯᠤᠨ ᠪᠡᠶ᠎ᠡ ᠳᠠᠩ ᠨᠡᠷ᠎ᠡ ᠳᠡᠪᠰᠢᠭᠴᠢ ᠨᠠᠷ ᠨᠡᠷ᠎ᠡ ᠳᠡᠪᠰᠢᠭᠰᠡᠨ ᠪᠠᠶᠢᠪᠠ᠃ [11]

ᠤᠯᠤᠰ ᠤᠨ ᠶᠡᠬᠡ ᠬᠤᠷᠠᠯ ᠤᠨ ᠭᠡᠰᠢᠭᠦᠨ ᠦ ᠰᠠᠭᠤᠳᠠᠯ ᠢ ᠮᠡᠶᠣᠮᠪᠣ ᠶᠢᠨ ᠡᠩᠬᠡᠪᠣᠯᠤᠳᠣᠳᠣ ᠥᠭᠬᠦ ᠶᠢᠨ ᠲᠤᠯᠠᠳᠠ ᠡᠯᠪᠡᠭᠳᠣᠷᠵᠢ ᠶᠢ ᠰᠣᠩᠭᠣᠭᠤᠯᠢ ᠠᠴᠠ ᠮᠣᠩᠭᠣᠯ ᠠᠷᠠᠳ ᠤᠨ ᠬᠤᠪᠢᠰᠬᠠᠯᠲᠤ ᠨᠠᠮ ᠨᠡᠷ᠎ᠡ ᠶᠢ ᠨᠢ ᠲᠠᠲᠠᠭᠤᠯᠵᠤ᠂ ᠣᠷᠣᠨ ᠳᠤ ᠨᠢ ᠮᠣᠩᠭᠣᠯ ᠠᠷᠠᠳ ᠤᠨ ᠬᠤᠪᠢᠰᠬᠠᠯᠲᠤ ᠨᠠᠮ ᠡᠯᠪᠡᠭᠳᠣᠷᠵᠢ ᠶᠢᠨ ᠶᠡᠬᠡ ᠡᠪᠰᠡᠯ ᠦᠨ ᠵᠠᠰᠠᠭ ᠤᠨ ᠭᠠᠵᠠᠷ ᠠᠴᠠ ᠬᠤᠭᠤᠴᠠᠭ᠎ᠠ ᠶᠢ ᠨᠢ ᠳᠠᠭᠤᠰᠲᠠᠯ᠎ᠠ ᠭᠠᠷᠬᠤ ᠦᠭᠡᠢ ᠪᠠᠶᠢᠬᠤ ᠪᠠᠷ ᠲᠣᠬᠢᠷᠠᠭᠰᠠᠨ᠃ ᠪᠠᠶᠢᠭᠤᠯᠤᠭᠰᠠᠨ ᠭᠡᠷ᠎ᠡ ᠪᠡᠨ ᠪᠡᠶᠡᠯᠡᠭᠦᠯᠵᠦ ᠡᠯᠪᠡᠭᠳᠣᠷᠵᠢ ᠤᠯᠤᠰ ᠤᠨ ᠶᠡᠬᠡ ᠬᠤᠷᠠᠯ ᠶᠢᠨ 65 ᠍ ᠳᠦᠭᠡᠷ ᠲᠣᠭᠣᠷᠢᠭ ᠤᠨ ᠰᠣᠩᠭᠣᠭᠤᠯᠢ ᠳᠤ ᠨᠡᠷ᠎ᠡ ᠳᠡᠪᠰᠢᠭᠴᠢ ᠡᠴᠡ ᠨᠡᠷ᠎ᠡ ᠪᠡᠨ ᠲᠠᠲᠠᠭᠰᠠᠨ ᠨᠢ ᠮᠡᠶᠣᠮᠪᠣ ᠶᠢᠨ ᠡᠩᠬᠡᠪᠣᠯᠤᠳ ᠢ ᠡᠯᠪᠡᠭᠳᠣᠷᠵᠢ ᠶᠢᠨ ᠣᠷᠣᠨ ᠳᠤ ᠤᠯᠤᠰ ᠤᠨ ᠶᠡᠬᠡ ᠬᠤᠷᠠᠯ ᠶᠢᠨ ᠭᠡᠰᠢᠭᠦᠨ ᠪᠣᠯᠬᠤ ᠪᠣᠯᠤᠯᠴᠠᠭ᠎ᠠ ᠶᠢ ᠣᠯᠭᠤᠭᠰᠠᠨ᠃ ᠬᠡᠳᠦᠢ ᠲᠡᠶᠢᠮᠦ ᠪᠣᠯᠪᠠᠴᠤ ᠮᠣᠩᠭᠣᠯ ᠠᠷᠠᠳ ᠤᠨ ᠬᠤᠪᠢᠰᠬᠠᠯᠲᠤ ᠨᠠᠮ ᠠᠷᠠᠳᠴᠢᠯᠠᠭᠰᠠᠨ ᠨᠠᠮ ᠲᠠᠢ ᠪᠠᠶᠢᠭᠤᠯᠤᠭᠰᠠᠨ ᠭᠡᠷ᠎ᠡ ᠪᠡᠨ ᠵᠥᠷᠢᠴᠡᠵᠦ ᠡᠯᠪᠡᠭᠳᠣᠷᠵᠢ ᠶᠢᠨ ᠵᠠᠰᠠᠭ ᠤᠨ ᠭᠠᠵᠠᠷ ᠢ ᠣᠷᠬᠢᠭᠰᠠᠨ ᠨᠢ ᠤᠯᠤᠰ ᠤᠨ ᠶᠡᠬᠡ ᠬᠤᠷᠠᠯ ᠵᠠᠰᠠᠭ ᠤᠨ ᠭᠠᠵᠠᠷ ᠢ ᠤᠨᠠᠭᠠᠵᠤ᠂ ᠡᠯᠪᠡᠭᠳᠣᠷᠵᠢ ᠶᠢ ᠶᠡᠷᠦᠩᠬᠡᠢ ᠰᠠᠶᠢᠳ ᠠᠴᠠ 2006 ᠣᠨ ᠤ 1 ᠍ ᠳᠦᠭᠡᠷ ᠰᠠᠷ᠎ᠠ ᠶᠢᠨ 13 ᠍ ᠳᠦ ᠣᠭᠴᠠᠷᠠᠭᠤᠯᠤᠭᠰᠠᠨ᠃

2009 ᠣᠨ ᠤ ᠶᠡᠷᠦᠩᠬᠡᠶᠢᠯᠡᠭᠴᠢ ᠶᠢᠨ ᠰᠣᠩᠭᠣᠭᠤᠯᠢ[ᠵᠠᠰᠠᠪᠤᠷᠢᠯᠠᠬᠤ | ᠺᠣᠳ᠋ ᠢᠶᠠᠷ ᠵᠠᠰᠠᠬᠣ]

2009 ᠣᠨ ᠳᠤ ᠮᠣᠩᠭᠣᠯ ᠤᠯᠤᠰ ᠲᠠᠪᠤᠳᠤᠭᠠᠷ ᠤᠳᠠᠭ᠎ᠠ ᠪᠠᠨ ᠶᠡᠷᠦᠩᠬᠡᠶᠢᠯᠡᠭᠴᠢ ᠪᠡᠨ ᠰᠤᠩᠭᠤᠬᠤ ᠰᠣᠩᠭᠣᠭᠤᠯᠢ ᠪᠣᠯᠪᠠ᠃ ᠡᠭᠦᠨ ᠳᠦ ᠠᠷᠠᠳᠴᠢᠯᠠᠭᠰᠠᠨ ᠨᠠᠮ ᠴ᠂ ᠡᠯᠪᠡᠭᠳᠣᠷᠵᠢ ᠶᠢᠨ ᠨᠡᠷ᠎ᠡ ᠶᠢ ᠳᠡᠪᠰᠢᠭᠦᠯᠦᠨ᠂ ᠫᠠᠷᠠᠯᠮᠧᠨᠲ ᠲᠦ ᠰᠠᠭᠤᠳᠠᠯ ᠲᠠᠢ ᠨᠣᠭᠣᠭᠠᠨ ᠨᠠᠮᠢᠷᠭᠡᠨ ᠦ ᠵᠣᠷᠢᠭ ᠨᠠᠮ ᠲᠡᠭᠦᠨ ᠢ ᠳᠡᠮᠵᠢᠨ ᠣᠷᠣᠯᠴᠠᠬᠤ ᠪᠠᠨ ᠢᠯᠡᠷᠬᠡᠶᠢᠯᠡᠪᠡ᠃ ᠲᠡᠷᠡᠪᠡᠷ ᠡᠭᠦᠷᠭᠡ ᠪᠡᠨ ᠭᠦᠢᠴᠡᠳᠭᠡᠵᠦ ᠪᠤᠢ ᠶᠡᠷᠦᠩᠬᠡᠶᠢᠯᠡᠭᠴᠢ ᠨᠠᠮᠪᠠᠷ ᠤᠨ ᠡᠩᠬᠡᠪᠠᠶᠠᠷᠲᠠᠢ ᠥᠷᠢᠰᠦᠯᠳᠦᠭᠰᠡᠨ ᠶᠤᠮ᠃ 2009 ᠣᠨ ᠤ 5 ᠰᠠᠷ᠎ᠠ ᠶᠢᠨ 24 ᠍ ᠳᠦ ᠪᠣᠯᠤᠭᠰᠠᠨ ᠰᠣᠩᠭᠣᠭᠤᠯᠢ ᠶᠢᠨ ᠤᠷᠢᠳᠴᠢᠯᠠᠭᠰᠠᠨ   ᠤ  ᠳᠥᠩ  ᠳᠤ 51.24 ᠬᠤᠪᠢ ᠤᠨ ᠰᠠᠨᠠᠯ ᠠᠪᠴᠤ[12], ᠢᠯᠠᠭᠰᠠᠨ ᠶᠤᠮ᠃ ᠴ᠂ᠡᠯᠪᠡᠭᠳᠣᠷᠵᠢ 8 ᠠᠶᠢᠮᠠᠭ ᠪᠣᠯᠤᠨ ᠨᠡᠶᠢᠰᠯᠡᠯ ᠤᠨ 7 ᠳᠡᠭᠦᠷᠭᠡ ᠲᠤ ᠥᠷᠢᠰᠦᠯᠳᠦᠭᠴᠢ ᠡᠴᠡ ᠪᠡᠨ ᠢᠯᠡᠭᠦᠦ ᠰᠠᠨᠠᠯ ᠠᠪᠤᠭᠰᠠᠨ ᠪᠥᠭᠡᠳ ᠰᠣᠩᠭᠣᠭᠴᠢᠳ ᠤᠨ ᠪᠠᠷᠤᠭ ᠲᠠᠯ᠎ᠠ ᠨᠢ ᠲᠥᠪᠯᠡᠷᠡᠭᠰᠡᠨ ᠨᠡᠶᠢᠰᠯᠡᠯ ᠬᠣᠳᠠ ᠳᠤ ᠪᠠᠶᠢᠭᠤᠯᠤᠭᠰᠠᠨ ᠢᠯᠠᠯᠲᠠ ᠨᠢ ᠲᠡᠭᠦᠨ ᠢ ᠶᠡᠷᠦᠩᠬᠡᠶᠢᠯᠡᠭᠴᠢᠵᠢᠨ ᠰᠣᠩᠭᠣᠭᠤᠯᠢ ᠳᠤ ᠢᠯᠠᠬᠤ ᠳᠤ ᠲᠦᠯᠬᠢᠴᠡ ᠪᠣᠯᠪᠠ᠃ ᠲᠡᠷᠡᠪᠡᠷ 2009 ᠣᠨ ᠤ 6 ᠰᠠᠷ᠎ᠠ ᠶᠢᠨ 18 ᠍ ᠤ ᠡᠳᠦᠷ ᠦᠨ 12:06 ᠴᠠᠭ ᠲᠤ ᠲᠠᠩᠭᠠᠷᠢᠭ ᠡᠷᠭᠦᠵᠦ᠂ ᠠᠯᠪᠠᠨ ᠶᠣᠰᠣᠭᠠᠷ ᠶᠡᠷᠦᠩᠬᠡᠶᠢᠯᠡᠭᠴᠢ ᠶᠢᠨ ᠠᠵᠢᠯ ᠳᠤ ᠪᠠᠨ ᠣᠷᠣᠭᠰᠠᠨ᠃ 2013 ᠣᠨ ᠤ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠠᠷᠠᠳᠴᠢᠯᠠᠭᠰᠠᠨ ᠨᠠᠮ ᠡᠴᠠ ᠴ᠂ ᠡᠯᠪᠡᠭᠳᠣᠷᠵᠢ ᠶᠢ ᠳᠠᠬᠢᠨ ᠨᠡᠷ᠎ᠡ ᠳᠡᠪᠰᠢᠭᠦᠯᠬᠦ ᠮᠠᠭᠠᠳᠯᠠᠯ ᠲᠠᠢ ᠭᠡᠵᠦ ᠮᠡᠳᠡᠭᠳᠡᠭᠰᠡᠨ᠃

2013 ᠣᠨ ᠤ ᠶᠡᠷᠦᠩᠬᠡᠶᠢᠯᠡᠭᠴᠢ ᠶᠢᠨ ᠰᠣᠩᠭᠣᠭᠤᠯᠢ[ᠵᠠᠰᠠᠪᠤᠷᠢᠯᠠᠬᠤ | ᠺᠣᠳ᠋ ᠢᠶᠠᠷ ᠵᠠᠰᠠᠬᠣ]

2013 ᠣᠨ ᠤ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠠᠷᠠᠳᠴᠢᠯᠠᠭᠰᠠᠨ ᠨᠠᠮ ᠤᠨ ᠨᠡᠷ᠎ᠡ ᠳᠡᠪᠰᠢᠭᠴᠢ ᠴ᠂ᠡᠯᠪᠡᠭᠳᠣᠷᠵᠢ ᠨᠡᠶᠢᠲᠡ ᠰᠣᠩᠭᠣᠭᠴᠢᠳ ᠤᠨ 50.23% ᠍ ᠶᠢᠨ ᠰᠠᠨᠠᠯ ᠠᠪᠴᠤ ᠢᠯᠠᠯᠲᠠ ᠪᠠᠶᠢᠭᠤᠯᠵᠤ ᠮᠣᠩᠭᠣᠯ ᠤᠯᠤᠰ ᠤᠨ ᠶᠡᠷᠦᠩᠬᠡᠶᠢᠯᠡᠭᠴᠢ ᠪᠡᠷ ᠤᠯᠠᠷᠢᠨ ᠰᠣᠩᠭᠣᠭᠳᠠᠯ᠎ᠠ᠃ ᠮᠣᠩᠭᠣᠯ ᠠᠷᠠᠳ ᠤᠨ ᠨᠠᠮ ᠤᠨ ᠨᠡᠷ᠎ᠡ ᠳᠡᠪᠰᠢᠭᠴᠢ ᠪ᠂ ᠪᠠᠲᠤᠡᠷᠳᠡᠨᠢ 41.97%᠂ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠨᠡᠷ᠎ᠡ ᠳᠡᠪᠰᠢᠭᠴᠢ ᠨ᠂ᠤᠳᠪᠠᠯ ᠡ 6.5 ᠬᠤᠪᠢ ᠤᠨ ᠰᠠᠨᠠᠯ ᠠᠪᠴᠠᠢ᠃[13]

ᠴ᠂ ᠡᠯᠪᠡᠭᠳᠣᠷᠵᠢ ᠬᠣᠶᠠᠳ᠋ᠡᠬᠢ ᠤᠳᠠᠭ᠎ᠠ ᠪᠠᠨ ᠮᠣᠩᠭᠣᠯ ᠤᠯᠤᠰ ᠤᠨ ᠶᠡᠷᠦᠩᠬᠡᠶᠢᠯᠡᠭᠴᠢᠥᠭᠡᠷ᠎ᠡ 2013 ᠣᠨ ᠤ 7 ᠳ᠋ᠤᠭᠠᠷ ᠰᠠᠷ᠎ᠠ ᠶᠢᠨ 10 ᠍ ᠤ ᠡᠳᠦᠷ ᠰᠦᠬᠡᠪᠠᠭᠠᠲᠤᠷ  ᠲᠠᠯᠠᠪᠠᠢ ᠳᠤ ᠴᠢᠩᠭᠢᠰ ᠬᠠᠭᠠᠨ ᠤ ᠬᠥᠰᠢᠶ᠎ᠡᠤᠯᠤᠰ ᠤᠨ ᠶᠡᠬᠡ ᠬᠤᠷᠠᠯ᠂ ᠠᠷᠠᠳ ᠲᠦᠮᠡᠨ ᠦ ᠡᠮᠦᠨ᠎ᠡ ᠲᠠᠩᠭᠠᠷᠢᠭ ᠡᠷᠭᠦᠯ᠎ᠡ᠃ ᠡᠨᠡ ᠨᠢ ᠮᠣᠩᠭᠣᠯ ᠤᠯᠤᠰ ᠤᠨ ᠶᠡᠷᠦᠩᠬᠡᠶᠢᠯᠡᠭᠴᠢ ᠲᠡᠦᠬᠡᠨ ᠳᠦ ᠠᠩᠬ᠎ᠠ ᠤᠳᠠᠭ᠎ᠠ ᠪᠠᠨ ᠣᠯᠠᠨ ᠨᠡᠶᠢᠲᠡ ᠶᠢᠨ ᠡᠮᠦᠨ᠎ᠡ ᠲᠥᠪ ᠲᠠᠯᠠᠪᠠᠢ ᠳᠤ ᠲᠠᠩᠭᠠᠷᠢᠭ ᠡᠷᠭᠦᠭᠰᠡᠨ ᠦᠢᠯᠡ ᠶᠠᠪᠤᠳᠠᠯ ᠪᠣᠯᠪᠠ᠃[14][15][16]

ᠶᠡᠷᠦᠩᠬᠡᠶᠢᠯᠡᠭᠴᠢ ᠴ᠂ᠡᠯᠪᠡᠭᠳᠣᠷᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠤᠨ ᠶᠡᠷᠦᠩᠬᠡᠶᠢᠯᠡᠭᠴᠢ ᠴ᠂ᠡᠯᠪᠡᠭᠳᠣᠷᠵᠢ ᠰᠢᠭᠦᠬᠦ ᠶᠢᠨ ᠰᠢᠨᠡᠳᠬᠡᠯ ᠦᠨ ᠪᠠᠭᠴᠠ ᠬᠠᠤᠯᠢ ᠍ᠵᠢᠨ ᠲᠥᠰᠥᠯ ᠢ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠦᠭᠰᠡᠨ ᠨᠢ ᠪᠠᠲᠤᠯᠠᠭᠳᠠᠵᠤ᠂ ᠰᠢᠭᠦᠬᠦ ᠢᠯᠡ ᠲᠣᠳᠣ᠂ ᠨᠡᠭᠡᠭᠡᠯᠲᠡ ᠲᠡᠢ ᠪᠣᠯᠵᠤ ᠪᠠᠶᠢᠨ᠎ᠠ᠃ ᠮᠥᠨ ᠠᠪᠯᠢᠭᠠᠯᠲᠠᠢ ᠲᠡᠮᠡᠴᠡᠬᠦ᠂ ᠠᠷᠠᠳ ᠲᠦᠮᠡᠨ ᠡᠬᠡ ᠣᠷᠣᠨ ᠤ ᠪᠠᠨ ᠡᠷᠦᠳᠡᠰᠦ ᠪᠠᠶᠠᠯᠢᠭ ᠤᠨ ᠡᠵᠡᠨ ᠨᠢ ᠬᠡᠪ ᠢᠶᠡᠷ ᠢᠶᠡᠨ ᠪᠠᠶᠢᠬᠤ ᠵᠡᠷᠭᠡ ᠪᠡᠷ ᠮᠣᠩᠭᠣᠯ ᠤᠯᠤᠰ ᠤᠨ ᠪᠠᠶᠢᠷᠢ ᠰᠠᠭᠤᠷᠢ ᠶᠢ ᠪᠠᠶᠢᠩᠭᠤ ᠢᠯᠡᠷᠬᠡᠶᠢᠯᠡᠵᠦ ᠪᠠᠶᠢᠨ᠎ᠠ᠃

ᠭᠠᠳᠠᠭᠠᠳᠤ ᠶᠢᠨ ᠰᠤᠳᠤᠯᠤᠭᠠᠴᠢᠳ ᠤᠨ ᠶᠡᠷᠦᠩᠬᠡᠶᠢᠯᠡᠭᠴᠢ ᠴ᠂ᠡᠯᠪᠡᠭᠳᠣᠷᠵᠢ ᠳᠤ ᠥᠭᠭᠦᠭᠰᠡᠨ ᠦᠨᠡᠯᠡᠮᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠮᠧᠷᠢᠺᠠ ᠶᠢᠨ ᠨᠢᠭᠡᠳᠦᠭᠰᠡᠨ ᠤᠯᠤᠰ ᠤᠨ ᠺᠣᠯᠤᠮᠪᠢᠶ ᠠ ᠶᠢᠨ ᠶᠡᠬᠡ ᠰᠤᠷᠭᠠᠭᠤᠯᠢ ᠶᠢᠨ ᠠᠽᠢᠶ᠎ᠠ ᠰᠤᠳᠤᠯᠤᠯ ᠤᠨ ᠲᠡᠩᠬᠢᠮ ᠦᠨ ᠫᠷᠣᠹᠧᠰᠰᠣᠷ᠂ ᠬᠢᠲᠠᠳ ᠰᠤᠳᠤᠯᠤᠭᠠᠴᠢ᠂ ᠠᠷᠠᠪ ᠭᠠᠷᠤᠯᠲᠠᠢ ᠡᠷᠳᠡᠮᠲᠡᠨ ᠮᠣᠷᠢᠷᠢᠰ ᠷᠣᠰᠰᠠᠪᠢ 《ᠣᠷᠴᠢᠨ ᠦᠶ᠎ᠡ ᠶᠢᠨ ᠮᠣᠩᠭᠣᠯ ᠬᠠᠭᠠᠳ ᠠᠴᠠ ᠺᠣᠮᠢᠰᠰᠠᠷ ᠺᠠᠫᠲ᠋ᠠᠯᠢᠰᠲ ᠬᠦᠷᠲᠡᠯ᠎ᠡ ᠨᠡᠷ᠎ᠡ ᠲᠡᠢ ᠨᠢᠭᠡᠨ ᠪᠦᠬᠡᠳ ᠵᠥᠪᠯᠡᠯᠲᠦ ᠬᠣᠯᠪᠣᠭᠠᠲᠤ ᠤᠯᠤᠰ ᠳᠦ ᠰᠡᠳᠬᠦᠯᠴᠢ ᠪᠡᠷ ᠰᠤᠷᠤᠯᠴᠠᠭᠠᠳ ᠴᠡᠷᠢᠭ ᠦᠨ ᠰᠣᠨᠢᠨ ᠳᠤ ᠠᠵᠢᠯᠯᠠᠵᠤ ᠪᠠᠶᠢᠭᠰᠠᠨ ᠴᠡᠷᠢᠭ ᠦᠨ ᠪᠠᠭ᠎ᠠ ᠳᠠᠷᠤᠭ᠎ᠠ ᠡᠯᠪᠡᠭᠳᠣᠷᠵᠢ ᠲᠥᠷᠥ ᠶᠢ ᠢᠯᠡ ᠵᠠᠳᠠᠭᠠᠢ ᠰᠢᠭᠦᠮᠵᠢᠯᠡᠳᠡᠭ ᠨᠢᠭᠡᠨ ᠪᠥᠭᠡᠳ ᠲᠥᠷᠥ ᠶᠢᠨ ᠳᠢᠭᠯᠢᠮ ᠲᠡᠢ ᠠᠶᠢᠯ ᠪᠣᠯᠬᠤ ᠰᠢᠭᠤᠳ ᠯᠠ ᠬᠤᠷᠴᠠ ᠪᠠᠷ ᠳᠣᠪᠲᠣᠯᠤᠨ ᠰᠥᠷᠭᠡᠯᠳᠦᠬᠦ ᠶᠢ ᠤᠯᠠᠶᠢᠷᠠᠨ ᠳᠡᠮᠵᠢᠳᠡᠭ ᠪᠠᠶᠢᠯ᠎ᠠ᠃ ᠬᠠᠮᠢᠭ᠎ᠠ ᠣᠴᠢᠵᠤ ᠡᠩ ᠦᠨ ᠬᠦᠮᠦᠰ ᠲᠡᠢ ᠬᠠᠷᠢᠯᠴᠠᠬᠤ ᠴᠢᠳᠠᠪᠤᠷᠢ ᠲᠠᠢ ᠣᠨᠴᠠᠭᠠᠢ ᠤᠷᠠᠨ ᠢᠯᠡᠳᠬᠡᠭᠴᠢ ᠭᠡᠳᠡᠭ ᠢᠶᠡᠨ ᠬᠠᠷᠠᠭᠤᠯᠤᠭᠰᠠᠨ ᠬᠦᠮᠦᠨ ᠪᠣᠯ ᠡᠯᠪᠡᠭᠳᠣᠷᠵᠢ ᠬᠦᠳᠡᠬᠡ ᠵᠢᠨ ᠭᠡᠷ ᠪᠦᠯᠢ ᠡᠴᠡ ᠭᠠᠷᠤᠯᠲᠠᠢ ᠰᠤᠷᠪᠤᠯᠵᠢᠲᠤ ᠰᠢᠨᠡᠴᠢᠯᠡᠭᠴᠢᠳ ᠲᠡᠢ ᠬᠠᠷᠢᠯᠴᠠᠬᠤ ᠬᠠᠷᠢᠯᠴᠠᠭᠠᠨ ᠳᠤ ᠪᠠᠨ ᠥᠪᠡᠷ ᠦᠨ ᠮᠡᠳᠡᠯᠭᠡ ᠳᠣᠷᠣᠢ᠂ ᠪᠣᠯᠬᠢ ᠪᠦᠳᠦᠭᠦᠯᠢᠭ ᠵᠠᠩ ᠵᠢᠡᠨ ᠭᠠᠷᠭᠠᠴᠢᠬᠠᠳᠠᠭ ᠪᠠᠶᠢᠭᠰᠠᠨ ᠴᠤ᠂ ᠶᠡᠬᠡᠩᠬᠢ ᠰᠢᠨᠡᠴᠢᠯᠡᠭᠴᠢᠳ ᠦᠨ ᠬᠢᠵᠦ ᠴᠢᠳᠠᠬᠤ ᠠᠴᠠ ᠢᠯᠡᠭᠦᠦ ᠲᠡᠢ ᠪᠡᠷ ᠡᠩ ᠦᠨ ᠣᠯᠠᠨ ᠲᠦᠮᠡᠨ ᠳᠦ ᠬᠦᠷᠴᠦ ᠴᠢᠳᠠᠭᠰᠠᠨ ᠶᠤᠮ》 ᠬᠡᠮᠡᠨ ᠳ᠋ᠦᠩᠨᠡᠵᠡᠢ᠃[17]

ᠵᠠᠷᠢᠮ ᠪᠠᠷᠢᠮᠲᠠ ᠨᠤᠭᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

 • ᠴ᠂ ᠡᠯᠪᠡᠭᠳᠣᠷᠵᠢ ᠨᠢ ᠶᠡᠷᠦᠩᠬᠡᠶᠢᠯᠡᠭᠴᠢ ᠪᠤᠯᠤᠭᠰᠠᠨ   ᠦ ᠳᠠᠷᠠᠭ᠎ᠠ "ᠠᠰᠢᠭᠲᠤ ᠮᠠᠯᠲᠠᠮᠠᠯ ᠤᠨ ᠲᠤᠬᠠᠢ" ᠬᠠᠤᠯᠢ ᠶᠢ ᠰᠢᠨᠡᠴᠢᠯᠡᠨ ᠮᠣᠩᠭᠣᠯ ᠤᠯᠤᠰ ᠤᠨ ᠡᠷᠦᠳᠡᠰᠦ ᠪᠠᠶᠠᠯᠢᠭ ᠤᠨ ᠰᠠᠯᠪᠤᠷᠢ ᠳᠤ ᠰᠢᠨᠡᠴᠢᠯᠡᠯ ᠥᠭᠡᠷᠡᠴᠢᠯᠡᠯᠲᠡ ᠬᠢᠬᠦ ᠲᠠᠯ᠎ᠠ ᠪᠠᠷ ᠤᠳᠠᠭ᠎ᠠ ᠳᠠᠷᠠᠭ᠎ᠠ ᠮᠡᠳᠡᠭᠳᠡᠯ ᠭᠠᠷᠭᠠᠵᠤ ᠂ ᠬᠠᠤᠯᠢ ᠶᠢᠨ ᠲᠥᠰᠥᠯ ᠦᠳ ᠢ ᠰᠠᠨᠠᠭᠠᠴᠢᠯᠠᠵᠤ ᠪᠠᠶᠢᠭᠰᠠᠨ᠃ ᠮᠥᠨ ᠠᠰᠢᠭᠲᠤ ᠮᠠᠯᠲᠠᠮᠠᠯ ᠤᠨ ᠲᠤᠰᠬᠠᠢ ᠵᠥᠪᠰᠢᠶᠡᠷᠡᠯ ᠢ ᠣᠯᠭᠤᠬᠤ ᠦᠭᠡᠢ ᠨᠥᠬᠥᠴᠡᠯ ᠢ ᠰᠤᠩᠭᠤᠭᠰᠠᠨ ᠪᠠᠶᠢᠨ᠎ᠠ᠃ ᠡᠨᠡ ᠮᠡᠲᠦ ᠦᠢᠯᠡᠳᠦᠯ ᠦᠳ ᠦᠨ ᠦᠷ᠎ᠡ ᠳ᠋ᠦᠩ ᠳᠦ ᠡᠷᠦᠳᠡᠰᠦ ᠪᠠᠶᠠᠯᠢᠭ ᠤᠨ ᠰᠠᠯᠪᠤᠷᠢ  ᠳᠦ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠵᠣᠭᠰᠣᠩᠭᠢ ᠪᠠᠶᠢᠳᠠᠯ ᠳᠤ ᠣᠷᠣᠭᠰᠠᠨ ᠢᠶᠠᠷ ᠮᠣᠩᠭᠣᠯ ᠤᠯᠤᠰ ᠤᠨ ᠡᠳ᠋ ᠍ ᠦᠨ ᠵᠠᠰᠠᠭ ᠳᠣᠷᠣᠶᠢᠳᠠᠨ ᠳᠠᠮᠪᠤᠷᠠᠬᠤ ᠳᠤ ᠨᠢᠭᠡ ᠭᠣᠣᠯ ᠨᠦᠯᠦᠭᠡᠯᠡᠬᠦ ᠬᠦᠴᠦᠨ ᠵᠦᠢᠯ ᠪᠣᠯᠵᠠᠢ᠃ ᠡᠷᠦᠳᠡᠰᠦ ᠪᠠᠶᠠᠯᠢᠭ ᠤᠨ ᠰᠠᠯᠪᠤᠷᠢ ᠳᠠᠮᠪᠤᠷᠠᠭᠰᠠᠨ ᠤ ᠳᠠᠷᠠᠭ᠎ᠠ ᠶᠡᠷᠦᠩᠬᠡᠶᠢᠯᠡᠭᠴᠢ ᠡᠯᠪᠡᠭᠳᠣᠷᠵᠢ ᠨᠢ "ᠪᠢ ᠠᠰᠢᠭᠲᠤ ᠮᠠᠯᠲᠠᠮᠠᠯ ᠤᠨ ᠰᠠᠯᠪᠤᠷᠢ ᠶᠢᠨ ᠦᠢᠯᠡ ᠠᠵᠢᠯᠯᠠᠭᠠᠨ ᠳᠤ ᠣᠷᠣᠬᠤ ᠦᠭᠡᠢ᠂ ᠢᠩᠭᠢᠬᠦ ᠱᠠᠭᠠᠷᠳᠠᠯᠭ᠎ᠠ ᠠᠯᠠᠭ᠎ᠠ ᠪᠠᠶᠢᠨ᠎ᠠ" ᠭᠡᠰᠡᠨ ᠮᠡᠳᠡᠭᠳᠡᠯ ᠬᠢᠭᠰᠡᠨ ᠶᠤᠮ᠃
 • ᠶᠡᠷᠦᠩᠬᠡᠶᠢᠯᠡᠭᠴᠢ ᠴ᠂ᠡᠯᠪᠡᠭᠳᠣᠷᠵᠢ ᠨᠢ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠮᠤᠩᠭᠤᠯ ᠠᠷᠠᠳ  ᠤᠨ ᠨᠠᠮ ᠠᠴᠠ ᠨᠡᠷ᠎ᠡ ᠳᠡᠪᠰᠢᠭᠴᠢ ᠪ᠂ ᠪᠠᠲᠤᠡᠷᠳᠡᠨᠢ ᠲᠡᠢ ᠥᠷᠢᠰᠦᠯᠳᠦᠵᠦ ᠪᠠᠶᠢᠬᠤ ᠦᠶ᠎ᠡ ᠳᠦ ᠲᠡᠭᠦᠨ ᠦ ᠰᠣᠩᠭᠣᠭᠤᠯᠢ ᠶᠢᠨ ᠱᠲ᠋ᠠᠪ ᠳᠡᠭᠡᠷ᠎ᠡ ᠪᠡᠨ ᠥᠪᠡᠷ ᠦᠨ ᠰᠣᠩᠭᠣᠭᠤᠯᠢ ᠶᠢᠨ ᠮᠧᠨᠧᠵᠧᠷ ᠨᠠᠷ ᠤᠨ ᠡᠮᠦᠨ᠎ᠡ "ᠪᠢ ᠢᠩᠭᠢᠭᠡᠳ ᠯᠠ ᠠᠷᠠᠳ ᠲᠦᠮᠡᠨ ᠢ ᠬᠠᠰᠭᠢᠷᠠᠭᠤᠯᠤᠨ᠎ᠠ" ᠭᠡᠵᠦ ᠬᠡᠯᠡᠵᠦ ᠪᠠᠶᠢᠭ᠎ᠠ ᠳᠦᠷᠰᠦ ᠪᠢᠴᠢᠯᠭᠡ ᠨᠡᠶᠢᠲᠡ ᠳᠦ ᠢᠨᠲ᠋ᠧᠷᠨᠧᠲ ᠢᠶᠡᠷ ᠰᠠᠴᠤᠭᠳᠠᠨ ᠴᠤᠤᠷᠢᠶᠠᠳᠤᠨ ᠲᠠᠷᠢᠵᠤ ᠪᠠᠶᠢᠵᠠᠢ᠃[18]

ᠨᠣᠮ ᠵᠣᠬᠢᠶᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠴᠠᠬᠢᠶ ᠠ ᠶᠢᠨ ᠡᠯᠪᠡᠭᠳᠣᠷᠵᠢ ᠶᠢᠨ "ᠦᠨᠡᠨ ᠦ ᠮᠥᠷ ᠴᠠᠭᠠᠨ"᠂ "ᠠᠴᠢᠶ᠎ᠠ ᠡᠬᠦᠷᠦᠭᠰᠡᠨ ᠣᠨ ᠵᠢᠯ ᠦᠳ" ᠨᠣᠮ ᠤᠳ ᠤᠯᠠᠭᠠᠨᠪᠠᠭᠠᠲᠤᠷ ᠬᠣᠲᠠ  ᠳᠤ 2000 ᠣᠨ ᠳᠤ ᠬᠡᠪᠯᠡᠭᠳᠡᠭᠰᠡᠨ᠃ ᠲᠡᠭᠦᠨ ᠦ 112 ᠥᠭᠦᠯᠡᠯ᠂ 85 ᠬᠡᠯᠡᠭᠰᠡᠨ ᠦᠭᠡ᠂ 57 ᠶᠠᠷᠢᠯᠴᠠᠯᠭ᠎ᠠ 1985-2002 ᠣᠨ ᠨᠤᠭᠤᠳ ᠲᠤ ᠬᠡᠪᠯᠡᠭᠳᠡᠭᠰᠡᠨ ᠪᠠᠶᠢᠨ᠎ᠠ᠃

ᠮᠣᠩᠭᠣᠯ ᠤᠯᠤᠰ: ᠠᠭᠤᠯᠠ ᠶᠢ ᠬᠦᠳᠡᠯᠭᠡᠬᠦ ᠨᠢ, ᠴᠠᠬᠢᠶ ᠠ ᠶᠢᠨ ᠡᠯᠪᠡᠭᠳᠣᠷᠵᠢ᠂ ᠸᠠᠰᠢᠩᠲ᠋ᠣᠨ ᠫᠣᠰᠲ ᠰᠣᠨᠢᠨ᠂ ᠠᠮᠧᠷᠢᠺᠠ ᠶᠢᠨ ᠨᠢᠭᠡᠳᠦᠭᠰᠡᠨ ᠤᠯᠤᠰ᠂ 2005 ᠣᠨ ᠤ 11 ᠍ ᠳᠦᠭᠡᠷ ᠰᠠᠷ᠎ᠠ ᠶᠢᠨ 21, ᠠᠩᠭᠯᠢ ᠬᠡᠯᠡ ᠪᠡᠷ᠃

ᠣᠶᠢᠷᠠᠬᠢ ᠳᠣᠷᠣᠨᠠᠲᠤ  ᠳᠤ ᠮᠣᠩᠭᠣᠯ ᠤᠯᠤᠰ ᠶᠠᠭᠤ ᠵᠢᠭᠠᠵᠤ ᠴᠢᠳᠠᠬᠤ ᠪᠤᠢ, ᠴᠠᠬᠢᠶ ᠠ ᠶᠢᠨ ᠡᠯᠪᠡᠭᠳᠣᠷᠵᠢ᠂ ᠭᠠᠳᠠᠭᠠᠳᠤ ᠪᠣᠳᠣᠯᠭ᠎ᠠ ᠰᠡᠳᠬᠦᠯ᠂ ᠠᠮᠧᠷᠢᠺᠠ ᠶᠢᠨ ᠨᠢᠭᠡᠳᠦᠭᠰᠡᠨ ᠤᠯᠤᠰ᠂ 2011 ᠣᠨ ᠤ 04 ᠍ ᠳᠦᠭᠡᠷ ᠰᠠᠷ᠎ᠠ ᠶᠢᠨ 06, ᠠᠩᠭᠯᠢ ᠬᠡᠯᠡ ᠪᠡᠷ᠃

ᠴᠠᠬᠢᠮ ᠰᠦᠯᠵᠢᠶ᠎ᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠬᠢ ᠰᠤᠷᠪᠤᠯᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

 1. Kennedy School Graduate Guides Mongolia into New Era. Lory Hough for The President and Fellows of Harvard College (January 5, 2005). 2009 ᠣᠨ ᠤ 5 ᠰᠠᠷ᠎ᠠ ᠶᠢᠨ 17 ᠍ ᠳᠦ ᠬᠠᠨᠳᠤᠭᠰᠠᠨ᠃
 2. ᠴᠢᠩᠭᠢᠰ ᠬᠠᠭᠠᠨ ᠤ ᠨᠤᠲᠤᠭ ᠲᠤ ᠺᠣᠮᠮᠤᠶᠢᠨᠢᠰᠮ ᠠᠴᠠ ᠺᠠᠫᠢᠲ᠋ᠠᠯᠢᠰᠮ ᠳᠤ᠂ "ᠬᠤᠪᠢ ᠬᠦᠮᠦᠨ ᠦ ᠡᠷᠬᠡ ᠴᠢᠯᠦᠭᠡ ᠶᠢ ᠳᠡᠮᠵᠢᠭᠴᠢᠳ ᠦᠨ ᠣᠯᠠᠨ ᠤᠯᠤᠰ ᠤᠨ ᠨᠡᠶᠢᠭᠡᠮᠯᠢᠭ" ᠂ ᠠᠮᠧᠷᠢᠺᠠ ᠶᠢᠨ ᠨᠢᠭᠡᠳᠦᠭᠰᠡᠨ ᠤᠯᠤᠰ᠂ 2004 ᠣᠨ ᠤ ᠬᠠᠪᠤᠷ᠂ ᠠᠩᠭᠯᠢ ᠬᠡᠯᠡ ᠪᠡᠷ᠃
 3. ᠶᠡᠷᠦᠩᠬᠡᠶᠢᠯᠡᠭᠴᠢ ᠪᠤᠱ   ᠤᠨ ᠤᠯᠠᠭᠠᠨᠪᠠᠭᠠᠲᠤᠷ ᠲᠤ ᠬᠡᠯᠡᠭᠰᠡᠨ ᠦᠭᠡ ᠴᠠᠭᠠᠨ ᠣᠷᠳᠣᠨ ᠤ ᠬᠡᠪᠯᠡᠯ ᠳᠦ ᠵᠣᠷᠢᠭᠤᠯᠤᠭᠰᠠᠨ ᠮᠡᠳᠡᠭᠡᠯᠡᠯ᠂ᠠᠮᠧᠷᠢᠺᠠ ᠶᠢᠨ ᠨᠢᠭᠡᠳᠦᠭᠰᠡᠨ ᠤᠯᠤᠰ᠂ 2005 ᠣᠨ ᠤ 11 ᠍ ᠳᠦᠭᠡᠷ ᠰᠠᠷ᠎ᠠ ᠶᠢᠨ 21᠂ ᠠᠩᠭᠯᠢ ᠬᠡᠯᠡ ᠪᠡᠷ᠃
 4. ᠵᠣᠷᠵᠢ ᠯᠠᠸᠢᠰ ᠰᠤᠷᠪᠤᠯᠵᠢᠯᠠᠭᠴᠢ ᠶᠢᠨ ᠲᠡᠮᠳᠡᠭᠯᠡᠯ ᠦᠨ ᠳᠡᠪᠲᠡᠷ ᠠᠮᠧᠷᠢᠺᠠ ᠶᠢᠨ ᠨᠢᠭᠡᠳᠦᠭᠰᠡᠨ ᠤᠯᠤᠰ᠂ 2005 ᠣᠨ ᠤ 11 ᠍ ᠳᠦᠭᠡᠷ ᠰᠠᠷ᠎ᠠ ᠶᠢᠨ 16᠂ ᠠᠩᠭᠯᠢ ᠬᠡᠯᠡ ᠪᠡᠷ᠃
 5. ᠳᠡᠯᠡᠬᠡᠢ  ᠳᠠᠬᠢᠨ ᠳᠠᠬᠢ ᠬᠦᠴᠦᠷᠬᠡᠶᠢᠯᠡᠯ: ᠬᠢᠮᠤᠷᠠᠯ ᠪᠠ ᠢᠲᠡᠭᠡᠯ ᠨᠠᠶᠢᠳᠠᠪᠤᠷᠢ ᠴᠤᠭᠯᠠᠭᠠᠨ ᠳᠡᠭᠡᠷ᠎ᠡ ᠡᠯᠪᠡᠭᠳᠣᠷᠵᠢ ᠶᠢᠨ ᠬᠡᠯᠡᠭᠰᠡᠨ ᠦᠭᠡᠨ ᠡᠴᠡ ᠠᠪᠤᠭᠰᠠᠨ ᠡᠰᠢᠯᠡᠯ "ᠲᠥᠷᠥ ᠶᠢᠨ ᠪᠤᠰᠤ ᠪᠠᠶᠢᠭᠤᠯᠤᠯᠭ᠎ᠠ ᠨᠤᠭᠤᠳ ᠤᠨ ᠳᠡᠯᠡᠬᠡᠢ ᠶᠢᠨ ᠨᠡᠶᠢᠭᠡᠮᠯᠢᠭ"᠂ ᠨᠢᠤ᠋-ᠶᠤᠷᠺ ᠬᠣᠲᠠ᠂ ᠠᠮᠧᠷᠢᠺᠠ ᠶᠢᠨ ᠨᠢᠭᠡᠳᠦᠭᠰᠡᠨ ᠤᠯᠤᠰ᠂ 2001 ᠣᠨ ᠤ 10 ᠍ ᠳᠦᠭᠡᠷ ᠰᠠᠷ᠎ᠠ ᠶᠢᠨ 19-22᠂ ᠠᠩᠭᠯᠢ ᠬᠡᠯᠡ ᠪᠡᠷ᠃
 6. ᠮᠣᠩᠭᠣᠯ ᠤᠨ ᠫᠠᠷᠯᠠᠮᠧᠨᠲ ᠤᠨ ᠭᠡᠰᠢᠭᠦᠳ ᠵᠠᠰᠠᠭ ᠤᠨ ᠭᠠᠵᠠᠷ  ᠤᠨ ᠤᠨᠠᠭᠠᠯᠠᠭ᠎ᠠ BBC  ᠵᠢᠨ ᠮᠡᠳᠡᠭᠡ᠂ ᠶᠡᠬᠡ ᠪᠷᠢᠲ᠋ᠠᠨ᠂ 2006 ᠣᠨ ᠤ 1 ᠍ ᠳᠦᠭᠡᠷ ᠰᠠᠷ᠎ᠠ ᠶᠢᠨ 13᠂ ᠠᠩᠭᠯᠢ ᠬᠡᠯᠡ ᠪᠡᠷ᠃
 7. ᠮᠣᠩᠭᠣᠯ ᠤᠨ ᠤᠯᠤᠰ ᠲᠥᠷᠥ ᠶᠢᠨ ᠲᠣᠭᠲᠠᠪᠤᠷᠢ ᠦᠭᠡᠢ ᠪᠠᠶᠢᠳᠠᠯ᠂ ᠠᠩᠭᠯᠢ᠂ 2006 ᠣᠨ ᠤ 1 ᠍ ᠳᠦᠭᠡᠷ ᠰᠠᠷ᠎ᠠ ᠶᠢᠨ 17᠂ ᠠᠩᠭᠯᠢ ᠬᠡᠯᠡ ᠪᠡᠷ
 8. ᠮᠣᠩᠭᠣᠯ ᠤᠨ ᠠᠪᠯᠢᠭᠠᠯ ᠳᠤ ᠬᠢᠭᠰᠡᠨ ᠦᠨᠡᠯᠡᠭᠡ᠂ "ᠠᠮᠧᠷᠢᠺᠠ ᠶᠢᠨ ᠨᠢᠭᠡᠳᠦᠭᠰᠡᠨ ᠤᠯᠤᠰ ᠶᠢᠨ ᠣᠯᠠᠨ ᠤᠯᠤᠰ ᠤᠨ ᠬᠥᠭᠵᠢᠯ ᠦᠨ ᠠᠭᠧᠨᠲᠯᠢᠭ" ᠍ ᠦᠨ ᠰᠡᠭᠦᠯ ᠦᠨ ᠲᠠᠶᠢᠯᠤᠨ᠂ ᠬᠠᠭᠤᠳᠠᠰᠤ 15-16, 2005 ᠣᠨ ᠤ 8 ᠍ ᠳᠦᠭᠡᠷ ᠰᠠᠷ᠎ᠠ ᠶᠢᠨ 31, ᠠᠩᠭᠯᠢ ᠬᠡᠯᠡ ᠪᠡᠷ᠃
 9. ᠡᠳ᠋ᠪᠠᠷᠳᠠ ᠺᠣᠳ᠋ ᠬᠢᠲᠠᠳ᠂ ᠣᠷᠣᠰ ᠤᠨ ᠪᠠᠭ᠎ᠠ ᠵᠡᠷᠭᠡ ᠪᠠᠵᠠᠯᠲᠠ ᠶᠢ ᠮᠡᠳᠡᠷᠡᠭᠰᠡᠨ ᠮᠣᠩᠭᠣᠯ ᠠᠮᠧᠷᠢᠺᠠ ᠶᠢᠨ ᠨᠢᠭᠡᠳᠦᠭᠰᠡᠨ ᠤᠯᠤᠰ ᠢ ᠤᠷᠢᠵᠤ ᠪᠠᠶᠢᠨ᠎ᠠ ᠸᠠᠰᠢᠩᠲ᠋ᠣᠨ ᠫᠣᠰᠲ ᠰᠣᠨᠢᠨ᠂ ᠠᠮᠧᠷᠢᠺᠠ ᠶᠢᠨ ᠨᠢᠭᠡᠳᠦᠭᠰᠡᠨ ᠤᠯᠤᠰ᠂ 2006 ᠣᠨ ᠤ 2 ᠍ ᠳᠦᠭᠡᠷ ᠰᠠᠷ᠎ᠠ ᠶᠢᠨ 12, ᠠᠩᠭᠯᠢ ᠬᠡᠯᠡ ᠪᠡᠷ᠃
 10. ᠴᠤ᠂ ᠰᠤᠮᠢᠶᠠᠪᠠᠽᠠᠷ ᠮᠣᠩᠭᠣᠯ ᠤᠨ ᠭᠠᠶᠢᠯᠢ ᠶᠢᠨ ᠶᠡᠷᠦᠩᠬᠡᠢ ᠭᠠᠵᠠᠷ ᠤᠨ ᠳᠠᠷᠤᠭ᠎ᠠ ᠠᠪᠯᠢᠭᠠᠯ ᠤᠨ ᠦᠢᠯᠡᠳᠦᠯ ᠳᠡᠭᠡᠷ᠎ᠡ ᠪᠡᠨ ᠪᠠᠷᠢᠭᠳᠠᠭᠰᠠᠨ ᠲᠤᠬᠠᠢ ᠥᠭᠦᠯᠡᠯ ᠦᠧᠡᠷ ᠫᠥᠦᠰᠲ ᠰᠣᠨᠢᠨ᠂ ᠤᠯᠠᠭᠠᠨᠪᠠᠭᠠᠲᠤᠷ᠂ ᠮᠣᠩᠭᠣᠯ᠂ 2005 ᠣᠨ ᠤ 11 ᠍ ᠳᠦᠭᠡᠷ ᠰᠠᠷ᠎ᠠ ᠶᠢᠨ 3᠂ ᠠᠩᠭᠯᠢ ᠬᠡᠯᠡ ᠪᠡᠷ᠃
 11. ᠪ᠂ ᠪᠣᠯᠣᠷᠲᠤᠶᠠᠭ᠎ᠠ ᠳᠣᠯᠣᠭᠠᠨ ᠨᠡᠷ᠎ᠡ ᠳᠡᠪᠰᠢᠭᠴᠢ ᠪᠦᠷᠢᠳᠬᠡᠭᠦᠯᠦᠯ᠎ᠡ, ТВ 5, ᠤᠯᠠᠭᠠᠨᠪᠠᠭᠠᠲᠤᠷ ᠬᠣᠲᠠ᠂ ᠮᠣᠩᠭᠣᠯ᠂ 2005 ᠣᠨ ᠤ 8 ᠍ ᠳᠦᠭᠡᠷ ᠰᠠᠷ᠎ᠠ ᠶᠢᠨ 2, ᠠᠩᠭᠯᠢ ᠬᠡᠯᠡ ᠪᠡᠷ᠃
 12. ᠰᠣᠩᠭᠣᠭᠤᠯᠢ ᠶᠢᠨ ᠤᠷᠢᠳᠴᠢᠯᠠᠭᠰᠠᠨ  ᠳᠥᠩ (2009-05-25). 2009 ᠣᠨ ᠤ 5 ᠰᠠᠷ᠎ᠠ ᠶᠢᠨ 26 ᠍ ᠳᠦ ᠬᠠᠨᠳᠤᠭᠰᠠᠨ᠃
 13. ᠤᠷᠢᠳᠴᠢᠯᠠᠭᠰᠠᠨ  ᠳᠥᠩ ᠪᠡᠷ ᠴ᠂ᠡᠯᠪᠡᠭᠳᠣᠷᠵᠢ ᠢᠯᠠᠭᠰᠠᠨ ᠢ ᠵᠠᠷᠯᠠᠪᠠ (2013-06-27). 2013 ᠣᠨ ᠤ 7 ᠰᠠᠷ᠎ᠠ ᠶᠢᠨ 1 ᠍ ᠳᠦ ᠬᠠᠨᠳᠤᠭᠰᠠᠨ᠃
 14. ᠳ᠃, ᠴᠡᠴᠡᠭ. "ᠶᠡᠷᠦᠩᠬᠡᠶᠢᠯᠡᠭᠴᠢ ᠲᠠᠩᠭᠠᠷᠢᠭ ᠢᠶᠠᠨ ᠡᠷᠭᠦᠯ᠎ᠡ", shuud.mn (ᠮᠣᠩᠭᠣᠯ ᠬᠡᠯᠡ ᠪᠡᠷ), 2013 ᠣᠨ ᠤ 7 ᠳ᠋ᠤᠭᠠᠷ ᠰᠠᠷ᠎ᠠ ᠶᠢᠨ 10. 2013 ᠣᠨ ᠤ 7 ᠳ᠋ᠤᠭᠠᠷ ᠰᠠᠷ᠎ᠠ ᠶᠢᠨ 10 ᠍ ᠳᠦ ᠠᠪᠤᠭᠰᠠᠨ᠃ 
 15. ᠪ᠃, ᠡᠩᠬᠡᠮ᠎ᠠ. "ᠬᠦᠨᠳᠤᠳᠬᠡᠯ  ᠦᠨ ᠴᠢᠭᠤᠯᠭᠠᠨ ᠥᠨᠳᠥᠷᠯᠡᠯ᠎ᠡ", news.mn (ᠮᠣᠩᠭᠣᠯ ᠬᠡᠯᠡ ᠪᠡᠷ), 2013 ᠣᠨ ᠤ 7 ᠳ᠋ᠤᠭᠠᠷ ᠰᠠᠷ᠎ᠠ ᠶᠢᠨ 10. 2013 ᠣᠨ ᠤ 7 ᠳ᠋ᠤᠭᠠᠷ ᠰᠠᠷ᠎ᠠ ᠶᠢᠨ 10 ᠍ ᠳᠦ ᠠᠪᠤᠭᠰᠠᠨ᠃ 
 16. ᠶᠡᠷᠦᠩᠬᠡᠶᠢᠯᠡᠭᠴᠢ ᠴᠢᠩᠭᠢᠰ ᠬᠠᠭᠠᠨ ᠤ ᠬᠥᠰᠢᠭᠡᠨ ᠦ ᠡᠮᠦᠨ᠎ᠡ ᠲᠠᠩᠭᠠᠷᠢᠭ ᠡᠷᠭᠦᠨ᠎ᠡ. shuud.mn (ᠮᠣᠩᠭᠣᠯ ᠬᠡᠯᠡ ᠪᠡᠷ) (2013 ᠣᠨ ᠤ 7 ᠳ᠋ᠤᠭᠠᠷ ᠰᠠᠷ᠎ᠠ ᠶᠢᠨ 3). 2013 ᠣᠨ ᠤ 7 ᠳ᠋ᠤᠭᠠᠷ ᠰᠠᠷ᠎ᠠ ᠶᠢᠨ 6 ᠍ ᠳᠦ ᠬᠠᠨᠳᠤᠭᠰᠠᠨ᠃
 17. [http://agshin.mn/News/5471
 18. http://www.youtube.com/watch?v=oLVFqj-9lCU

(ᠠᠷᠠᠳᠴᠢᠯᠠᠭᠰᠠᠨ ᠬᠦᠴᠦᠨ ᠨᠦᠭᠦᠳ ᠦᠨ ᠡᠪᠰᠡᠯ ᠫᠠᠷᠯᠠᠮᠧᠨᠲ ᠳᠠᠬᠢ 76 ᠰᠠᠭᠤᠳᠠᠯ ᠤᠨ 36 ᠍ ᠶᠢ ᠠᠪᠴᠤ᠂ ᠡᠷᠬᠡ ᠮᠡᠳᠡᠯ ᠬᠤᠪᠢᠶᠠᠬᠤ ᠲᠤᠬᠠᠢ ᠭᠡᠷ᠎ᠡ ᠪᠠᠶᠢᠭᠤᠯᠤᠭᠰᠠᠨ ᠲᠤᠬᠠᠢ ᠪᠣᠯᠤᠨ ᠡᠯᠪᠡᠭᠳᠣᠷᠵᠢ ᠶᠡᠷᠦᠩᠬᠡᠢ ᠰᠠᠶᠢᠳ ᠪᠣᠯᠤᠭᠰᠠᠨ ᠲᠤᠬᠠᠢ)

ᠪᠤᠰᠤᠳ ᠡᠬᠢ ᠰᠤᠷᠪᠤᠯᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]


ᠡᠮᠦᠨᠡᠬᠢ
ᠨᠠᠮᠪᠠᠷ ᠤᠨ ᠡᠩᠬᠡᠪᠠᠶᠠᠷ
ᠮᠣᠩᠭᠣᠯ ᠤᠯᠤᠰ ᠤᠨ ᠶᠡᠷᠦᠩᠬᠡᠶᠢᠯᠡᠭᠴᠢ
{{{on}}}
ᠳᠠᠷᠠᠭᠠᠬᠢ
ᠣᠳᠣ ᠶᠢᠨ
ᠡᠮᠦᠨᠡᠬᠢ
ᠨᠠᠮᠪᠠᠷ ᠤᠨ ᠡᠩᠬᠡᠪᠠᠶᠠᠷ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠮᠡᠶᠣᠮᠪᠣ ᠶᠢᠨ ᠡᠩᠬᠡᠪᠣᠯᠤᠳ
ᠡᠮᠦᠨᠡᠬᠢ
ᠮᠡᠨᠳᠦᠰᠠᠶᠢᠬᠠᠨ ᠤ ᠡᠩᠬᠡᠰᠠᠶᠢᠬᠠᠨ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠵᠠᠨᠯᠠᠪ ᠤᠨ ᠨᠠᠷᠠᠨᠴᠠᠴᠤᠷᠠᠯᠲᠤ

ᠪᠢᠴᠢᠭᠡᠰᠦ