打开主菜单

ᠵᠠᠩᠳᠠᠬᠦᠦ ᠶᠢᠨ ᠡᠩᠬᠡᠪᠣᠯᠤᠳ

ᠵᠠᠩᠳᠠᠬᠦᠦ ᠶᠢᠨ ᠡᠩᠬᠡᠪᠣᠯᠤᠳ

ᠣᠳᠣ ᠬᠠᠰᠢᠵᠤ ᠪᠤᠢ
ᠠᠯᠪᠠ ᠪᠠᠨ ᠬᠦᠯᠢᠶᠡᠨ ᠠᠪᠤᠭᠰᠠᠨ;
2012 ᠣᠨ ᠤ 7 ᠰᠠᠷ᠎ᠠ ᠶᠢᠨ 24
ᠶᠡᠷᠦᠩᠬᠡᠶᠢᠯᠡᠭᠴᠢ ᠴᠠᠬᠢᠭ᠎ᠠ ᠶᠢᠨ ᠡᠯᠪᠡᠭᠳᠣᠷᠵᠢ
ᠡᠮᠦᠨᠡᠬᠢ ᠳᠠᠮᠳᠢᠨ ᠤ ᠳᠡᠮᠪᠡᠷᠢᠯ

ᠲᠦᠷᠦᠭᠰᠡᠨ 1966 ᠣᠨ ᠤ 5 ᠰᠠᠷ᠎ᠠ ᠶᠢᠨ 23 (1966-05-23) (53 ᠨᠠᠰᠣᠳᠠᠢ)
ᠮᠣᠩᠭᠣᠯᠤᠯᠠᠭᠠᠨᠪᠠᠭᠠᠲᠤᠷ
ᠤᠯᠤᠰ ᠲᠥᠷᠥ ᠶᠢᠨ ᠨᠠᠮ ᠠᠷᠠᠳᠴᠢᠯᠠᠭᠰᠠᠨ ᠨᠠᠮ
ᠲᠡᠭᠦᠰᠦᠭᠰᠡᠨ ᠰᠤᠷᠭᠠᠭᠤᠯᠢ ᠮᠣᠩᠭᠣᠯ ᠤᠯᠤᠰ ᠤᠨ ᠶᠡᠬᠡ ᠰᠤᠷᠭᠠᠭᠤᠯᠢ
ᠤᠷᠠᠯ ᠤᠨ ᠫᠣᠯᠢᠲ᠋ᠧᠭᠨᠢᠭ ᠤᠨ ᠳᠡᠭᠡᠳᠦ ᠰᠤᠷᠭᠠᠭᠤᠯᠢ
ᠮᠡᠷᠭᠡᠵᠢᠯ ᠠᠦ᠋ᠲ᠋ᠣᠮᠠᠲ᠋ᠢᠭ᠂ ᠲᠧᠯᠧᠮᠧᠬᠠᠨᠢᠭ ᠤᠨ ᠢᠨᠵᠧᠨᠧᠷ᠂ ᠡᠷᠬᠡ ᠵᠦᠢᠴᠢ
ᠸᠪᠰᠠᠢ ᠳᠤ www.enkhbold.mn

ᠵᠠᠩᠳᠠᠬᠦᠦ ᠶᠢᠨ ᠡᠩᠬᠡᠪᠣᠯᠤᠳ (1966 ᠣᠨ ᠤ 5 ᠰᠠᠷ᠎ᠠ ᠶᠢᠨ 23 ᠍ ᠳᠦ ᠤᠯᠠᠭᠠᠨᠪᠠᠭᠠᠲᠤᠷ ᠬᠣᠳᠠ ᠳᠤ ᠲᠦᠷᠦᠭᠰᠡᠨ) ᠨᠢ ᠮᠣᠩᠭᠣᠯ ᠤᠯᠤᠰ ᠍ ᠤᠨ ᠶᠡᠬᠡ ᠬᠤᠷᠠᠯ ᠤᠨ ᠳᠠᠷᠤᠭ᠎ᠠ ᠶᠢᠨ ᠠᠯᠪᠠ ᠶᠢ ᠬᠠᠰᠢᠵᠤ ᠪᠤᠢ ᠤᠯᠤᠰ ᠲᠥᠷᠦᠴᠢ ᠶᠤᠮ᠃

ᠨᠠᠮᠲᠠᠷᠨᠠᠶᠢᠷᠠᠭᠣᠯᠬᠣ

ᠲᠡᠷᠡᠪᠡᠷ 1984 ᠣᠨ ᠳᠤ ᠰᠡᠯᠡᠩᠭᠡ ᠠᠶᠢᠮᠠᠭ ᠤᠨ ᠰᠦᠬᠡᠪᠠᠭᠠᠲᠤᠷ ᠬᠣᠲᠠ ᠍ ᠤᠨ 10 ᠵᠢᠯ ᠦᠨ ᠳᠤᠮᠳᠠ ᠰᠤᠷᠭᠠᠭᠤᠯᠢ᠂ 1989 ᠣᠨ ᠳᠤ ᠵᠥᠪᠯᠡᠯᠲᠦ ᠬᠣᠯᠪᠣᠭᠠᠲᠤ ᠤᠯᠤᠰ ᠍ ᠤᠨ ᠤᠷᠠᠯ ᠤᠨ ᠫᠣᠯᠢᠲ᠋ᠧᠭᠨᠢᠭ ᠤᠨ ᠳᠡᠭᠡᠳᠦ ᠰᠤᠷᠭᠠᠭᠤᠯᠢ ᠶᠢ ᠳᠦᠭᠦᠷᠭᠡᠭᠡᠳ ᠤᠯᠠᠭᠠᠨᠪᠠᠭᠠᠲᠤᠷ ᠴᠠᠬᠢᠯᠭᠠᠨ ᠱᠤᠭᠤᠮ ᠰᠦᠯᠵᠢᠶᠡᠨ ᠳᠦ ᠮᠣᠨᠲ᠋ᠧᠷ᠂ ᠮᠣᠨᠧᠯ ᠹᠢᠷᠮ ᠳᠦ ᠢᠨᠵᠧᠨᠧᠷ ᠢᠶᠡᠷ ᠠᠵᠢᠯᠯᠠᠨ ᠠᠵᠢᠯ ᠤᠨᠨ ᠭᠠᠷᠤᠭ᠎ᠠ ᠪᠠᠨ ᠡᠬᠢᠯᠡᠵᠡᠢ᠃ ᠤᠯᠠᠮ ᠢᠶᠠᠷ ᠬᠤᠪᠢ ᠤᠨ ᠬᠡᠪᠰᠢᠯ ᠳᠦ ᠰᠢᠯᠵᠢᠵᠦ᠂ 1991-93 ᠣᠨ ᠳᠤ "ᠡᠷᠢᠯ" ХХК ᠍ ᠦᠨ ᠵᠠᠬᠢᠷᠤᠯ᠂ 1993-96 ᠣᠨ ᠳᠤ "ᠢᠨᠲ᠋ᠧᠷ" ᠬᠤᠪᠢᠶᠠᠷᠢ ᠪᠠᠨ ᠡᠷᠬᠢᠯᠡᠬᠦ ᠠᠵᠤ ᠠᠬᠤᠢ᠂ ХХК ᠍ ᠦᠨ ᠵᠠᠬᠢᠷᠤᠯ ᠢᠶᠠᠷ ᠠᠵᠢᠯᠯᠠᠵᠤ ᠪᠠᠶᠢᠭᠠᠳ᠂ 1996 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠠᠷᠠᠳᠴᠢᠯᠠᠭᠰᠠᠨ ᠬᠣᠯᠪᠣᠭ᠎ᠠ ᠡᠪᠰᠡᠯ ᠢᠯᠠᠯᠲᠠ ᠪᠠᠶᠢᠭᠤᠯᠤᠭᠰᠠᠨ ᠤ ᠳᠠᠷᠠᠭ᠎ᠠ ᠲᠥᠷᠥ ᠶᠢᠨ ᠥᠮᠴᠢ ᠶᠢᠨ ᠬᠣᠷᠢᠶ᠎ᠠ ᠶᠢ ᠪᠠᠶᠢᠭᠤᠯᠬᠤ ᠳᠤ ᠠᠩᠬᠠᠨ ᠤ ᠳᠠᠷᠤᠭ᠎ᠠ ᠪᠠᠷ ᠨᠢ ᠲᠣᠮᠢᠯᠠᠭᠳᠠᠵᠠᠢ᠃ ᠤᠭ ᠠᠯᠪᠠ ᠶᠢ 1999 ᠣᠨ ᠬᠦᠷᠲᠡᠯ᠎ᠡ ᠬᠠᠰᠢᠶ᠎ᠠ ᠳᠤ᠂ 1999-2000 ᠣᠨ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠵᠥᠪᠯᠡᠬᠦ ᠪᠡᠷ ᠠᠵᠢᠯᠯᠠᠭᠰᠠᠨ ᠪᠠᠶᠢᠨ᠎ᠠ᠃

2000 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ ᠢᠯᠠᠭᠳᠠᠭᠰᠠᠨ ᠤ ᠳᠠᠷᠠᠭ᠎ᠠ ᠲᠤᠰ ᠨᠠᠮ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠷ ᠠᠵᠢᠯᠯᠠᠬᠤ ᠪᠣᠯᠤᠭᠰᠠᠨ᠃ ᠬᠠᠷᠢᠨ 2001 ᠣᠨ ᠳᠤ ᠠᠮᠧᠷᠢᠺᠠ ᠶᠢᠨ ᠨᠢᠭᠡᠳᠦᠭᠰᠡᠨ ᠤᠯᠤᠰ ᠍ ᠤᠨ ᠳᠧᠨᠸᠧᠷ ᠤᠨ ᠶᠡᠬᠡ ᠰᠤᠷᠭᠠᠭᠤᠯᠢ ᠳᠤ ᠰᠤᠷᠤᠯᠴᠠᠬᠤ ᠪᠠᠷ ᠶᠠᠪᠤᠵᠠᠢ᠃ 2004 ᠣᠨ ᠳᠤ ᠲᠡᠭᠦᠰᠴᠤ ᠢᠷᠡᠭᠡᠳ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠥᠪᠦᠷᠬᠠᠩᠭᠠᠢ ᠠᠶᠢᠮᠠᠭ ᠠᠴᠠ ᠨᠡᠷ᠎ᠡ ᠳᠡᠪᠰᠢᠨ ᠥᠷᠢᠰᠦᠯᠳᠦᠵᠦ ᠢᠯᠠᠯᠲᠠ ᠪᠠᠶᠢᠭᠤᠯᠤᠭᠰᠠᠨ ᠪᠣᠯᠪᠠᠴᠤ ᠰᠣᠩᠭᠣᠭᠤᠯᠢ ᠶᠢᠨ ᠮᠠᠷᠭᠤᠭᠠᠨ ᠲᠠᠢ ᠬᠣᠯᠪᠣᠭᠠᠲᠠᠢ ᠪᠠᠷ ᠵᠢᠯ ᠭᠠᠷᠤᠢ ᠬᠤᠭᠤᠴᠠᠭᠠᠨ ᠳᠤ ᠭᠡᠰᠢᠭᠦᠨ ᠦ ᠡᠷᠬᠡ ᠪᠡᠨ ᠡᠳ᠋ᠯᠡᠵᠦ ᠴᠢᠳᠠᠭ᠎ᠠ ᠦᠭᠡᠢ᠂ ᠡᠨᠡ ᠦᠶᠡᠳᠡᠭᠡ ᠲᠥᠷᠥ ᠶᠢᠨ ᠥᠮᠴᠢ ᠶᠢᠨ ᠬᠣᠷᠢᠶᠠᠨ ᠤ ᠳᠠᠷᠤᠭ᠎ᠠ ᠪᠠᠷ ᠠᠵᠢᠯᠯᠠᠵᠤ ᠪᠠᠶᠢᠴᠠᠢ᠃

ᠡᠶᠢᠨᠬᠦᠦ 2005 ᠣᠨ ᠳᠤ ᠤᠯᠤᠰ ᠤᠨ ᠶᠡᠬᠡ ᠬᠤᠷᠠᠯ ᠤᠨ ᠭᠡᠰᠢᠭᠦᠨ ᠦ ᠲᠠᠩᠭᠠᠷᠢᠭ ᠢᠶᠠᠨ ᠡᠷᠭᠦᠭᠰᠡᠨ ᠲᠡᠷᠡ ᠪᠡᠷ 2008 ᠣᠨ ᠳᠤ ᠳᠠᠬᠢᠨ ᠥᠪᠦᠷᠬᠠᠩᠭᠠᠢ ᠠᠶᠢᠮᠠᠭ ᠠᠴᠠ᠂ 2012 ᠣᠨ ᠳᠤ ᠠᠷᠠᠳᠴᠢᠯᠠᠭᠰᠠᠨ ᠨᠠᠮ ᠍ ᠤᠨ ᠵᠢᠭ᠌ᠰᠠᠭᠠᠯᠳᠠ ᠶᠢᠨ 2 ᠍ ᠷᠲ ᠪᠢᠴᠢᠭᠳᠡᠨ ᠫᠷᠣᠫᠤᠷᠼᠢᠶᠣᠨᠠᠯᠢ ᠲᠣᠭᠣᠷᠢᠭ ᠠᠴᠠ ᠰᠣᠩᠭᠣᠭᠳᠠᠨ᠂ 3 ᠳᠠᠬᠢ ᠪᠦᠷᠢᠨ ᠡᠷᠬᠡ ᠶᠢᠨ ᠢᠶᠡᠨ ᠬᠤᠭᠤᠴᠠᠭᠠᠨ ᠳᠤ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠠᠵᠢᠯᠯᠠᠵᠤ ᠪᠠᠶᠢᠨ᠎ᠠ᠃ ᠡᠨᠡ ᠬᠤᠭᠤᠴᠠᠭᠠᠨ ᠳᠤ 2008-2012 ᠣᠨ ᠳᠤ ᠤᠯᠤᠰ ᠤᠨ ᠶᠡᠬᠡ ᠬᠤᠷᠠᠯ ᠤᠨ ᠠᠶᠤᠯ ᠦᠭᠡᠢ ᠪᠠᠶᠢᠳᠠᠯ᠂ ᠭᠠᠳᠠᠭᠠᠳᠤ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠪᠠᠷ ᠠᠵᠢᠯᠯᠠᠵᠤ ᠪᠠᠶᠢᠪᠠ᠃

2012 ᠣᠨ ᠤ 7 ᠰᠠᠷ᠎ᠠ ᠶᠢᠨ 24 ᠍ ᠳᠦ ᠤᠯᠤᠰ ᠤᠨ ᠶᠡᠬᠡ ᠬᠤᠷᠠᠯ ᠤᠨ ᠴᠢᠭᠤᠯᠭᠠᠨ ᠢᠶᠠᠷ ᠲᠡᠭᠦᠨ ᠢ ᠤᠯᠤᠰ ᠤᠨ ᠶᠡᠬᠡ ᠬᠤᠷᠠᠯ ᠤᠨ ᠳᠠᠷᠤᠭ᠎ᠠ ᠪᠠᠷ ᠰᠣᠩᠭᠣᠭᠰᠠᠨ᠃ ᠲᠡᠭᠦᠨ ᠦ ᠰᠣᠩᠭᠣᠭᠳᠠᠭᠰᠠᠨ ᠠᠩᠬᠠᠳᠤᠭᠠᠷ ᠴᠢᠭᠤᠯᠭᠠᠨ ᠳᠤ МАН ᠍ ᠠᠴᠠ ᠰᠣᠩᠭᠣᠭᠳᠠᠭᠰᠠᠨ ᠭᠡᠰᠢᠭᠦᠳ ᠣᠷᠣᠯᠴᠠᠭ᠎ᠠ ᠦᠭᠡᠢ ᠪᠥᠭᠡᠳ ᠲᠡᠳᠡ ᠠᠩᠬᠠᠳᠤᠭᠠᠷ ᠴᠢᠭᠤᠯᠭᠠᠨ ᠢᠶᠠᠷ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠰᠤᠩᠭᠤᠬᠤ ᠬᠦᠷᠲᠡᠯ᠎ᠡ ᠬᠠᠮᠤᠭ ᠤᠨ ᠠᠬᠠᠮᠠᠳ ᠭᠡᠰᠢᠭᠦᠨ ᠨᠢ ᠬᠤᠷᠠᠯ ᠢ ᠤᠳᠤᠷᠢᠳᠤᠨ᠎ᠠ ᠭᠡᠰᠡᠨ ᠬᠠᠤᠯᠢ ᠶᠢᠨ ᠵᠢᠭᠠᠯᠲᠠ ᠵᠥᠷᠢᠴᠡᠭᠳᠡᠭᠰᠡᠨ (ᠲᠡᠷᠡ ᠡᠳᠦᠷ ᠦᠨ ᠴᠢᠭᠤᠯᠭᠠᠨ ᠢ ᠰᠣᠩᠭᠣᠭᠳᠠᠭᠰᠠᠨ ᠭᠡᠰᠢᠭᠦᠳ ᠡᠴᠡ ᠬᠠᠮᠤᠭ ᠤᠨ ᠥᠨᠳᠥᠷ ᠨᠠᠰᠤᠲᠠᠢ ᠳᠠᠮᠳᠢᠨ ᠤ ᠳᠡᠮᠪᠡᠷᠢᠯ ᠪᠤᠰᠤ᠂ ᠯᠣᠭ ᠤᠨ ᠴᠣᠭ ᠤᠳᠤᠷᠢᠳᠤᠨ ᠶᠠᠪᠤᠭᠤᠯᠵᠠᠢ) ᠭᠡᠵᠦ ᠦᠵᠡᠵᠦ᠂ ᠲᠡᠭᠦᠨ ᠢ ᠬᠠᠤᠯᠢ ᠪᠤᠰᠤ ᠪᠠᠷ ᠰᠣᠩᠭᠣᠭᠳᠠᠭᠰᠠᠨ ᠭᠡᠬᠦ ᠮᠡᠳᠡᠭᠳᠡᠯ ᠦᠳ ᠢ ᠬᠢᠵᠦ ᠪᠠᠶᠢᠪᠠ᠃